| ᠣᠩᠨᠢᠭᠤᠳ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠨᠠᠷ ᠡ᠄ | ᠡᠷᠦᠬᠡ ᠳᠤ ᠳᠠᠭᠠᠭᠠᠴᠢᠯᠠᠭᠤᠯᠤᠨ ᠡᠵᠡᠩᠨᠡᠭᠦᠯᠬᠦ ᠶᠢ ᠬᠡᠷᠡᠭᠵᠢᠭᠦᠯᠦᠭᠰᠡᠨ ᠠᠴᠠ ᠨᠠᠰᠢ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠠᠷᠢᠴᠠᠭ᠎ᠠ ᠶᠢ ᠲᠣᠭᠲᠠᠪᠤᠷᠢᠵᠢᠭᠤᠯᠬᠤ ᠴᠢᠭᠯᠡᠯᠲᠡ ᠲᠥᠷᠥ ᠶᠢᠨ ᠪᠣᠳᠣᠯᠭ᠎ᠠ ᠶᠢ ᠢᠮᠠᠭᠲᠠ ᠪᠠᠷᠢᠮᠲᠠᠯᠠᠨ᠂ ᠬᠠᠮᠢᠶ᠎ᠠ | ᠪᠦᠬᠦᠢ ᠳᠦᠷᠢᠮ ᠤᠨ ᠰᠢᠰᠲ᠋ᠧᠮᠵᠢ ᠶᠢ ᠲᠠᠰᠤᠷᠠᠯᠲᠠ ᠤᠢᠭᠡᠢ ᠪᠦᠷᠢᠨᠰᠢᠭᠦᠯᠵᠦ᠂ ᠮᠠᠯᠴᠢᠨ ᠲᠠᠷᠢᠶᠠᠴᠢᠳ ᠤᠨ ᠭᠠᠵᠠᠷ | ᠰᠢᠷᠣᠶ ᠳᠠᠭᠠᠭᠠᠴᠢᠯᠠᠬᠤ ᠡᠯ᠎ᠡ ᠵᠦᠢᠯ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠭᠰᠠᠭᠠᠷ ᠢᠷᠡᠪᠡ᠃ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠭᠰᠠᠨ ᠵᠠᠩᠭᠢᠯᠠᠭ᠎ᠠ ᠶᠢᠨ ᠴᠠᠭ ᠦᠶ᠎ᠡ | ᠳᠤ᠂ ᠨᠠᠮ ᠤᠨ ᠲᠥᠪ ᠬᠤᠷᠢᠶ᠎ᠠ ᠠᠴᠠ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ | ᠪᠠᠶᠢᠯᠭᠠᠬᠤ ᠪᠥᠭᠡᠳ ᠣᠷᠳᠣ ᠬᠤᠭᠤᠴᠠᠭ᠎ᠠ ᠪᠠᠷ ᠬᠤᠪᠢᠷᠠᠭᠤᠯᠬᠤ ᠥᠬᠡᠶ ᠭᠡᠵᠦ ᠳᠤᠷᠠᠳᠤᠭᠰᠠᠨ ᠨᠢ ᠨᠠᠮ ᠤᠨ | ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠢᠨ ᠵᠠᠯᠭᠠᠮᠵᠢᠯᠠᠯ ᠪᠠ ᠬᠥᠭᠵᠢᠯᠲᠡ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ | ᠮᠠᠨ ᠤ ᠬᠤᠰᠢᠭᠤᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ 2025 ᠣᠨ | ᠤ 12 ᠰᠠᠷ᠎ᠠ ᠶᠢᠨ 31 ᠤ ᠡᠳᠦᠷ ᠬᠤᠭᠤᠴᠠᠭ᠎ᠠ ᠲᠤᠯᠤᠨ᠎ᠠ᠃ 2024 ᠣᠨ ᠤ 6 ᠰᠠᠷ᠎ᠠ ᠳᠤ᠂ ᠣᠩᠨᠢᠭᠤᠳ | ᠬᠤᠰᠢᠭᠤ ᠶᠢ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠠᠴᠠ ᠬᠤᠶᠠᠳᠤᠭᠠᠷ ᠡᠭᠡᠯᠵᠢ ᠶᠢᠨ ᠭᠠᠵᠠᠷ | ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ | ᠲᠤᠷᠰᠢᠯᠲᠠ ᠶᠢᠨ ᠴᠡᠭ ᠪᠣᠯᠭᠠᠬᠤ ᠪᠠᠷ ᠵᠥᠪᠰᠢᠶᠡᠷᠡᠪᠡ᠂ ᠭᠠᠵᠠᠷ ᠰᠢᠷᠣᠶ ᠶᠢ ᠤᠷᠲᠤᠳᠬᠠᠨ ᠳᠠᠭᠠᠭᠠᠴᠢᠯᠠᠭᠤᠯᠬᠤ | ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠡᠳᠦᠨ ᠲᠠᠯ᠎ᠠ ᠶᠢᠨ ᠶᠠᠪᠤᠳᠠᠯ ᠢ ᠣᠯᠠᠨ ᠢᠶᠠᠷ ᠢᠶᠠᠨ ᠣᠶᠢᠯᠠᠭᠠᠵᠤ᠂ | ᠳᠡᠮᠵᠢᠵᠦ᠂ ᠬᠠᠮᠵᠢᠯᠴᠠᠭᠠᠷᠠᠶ᠃ | ᠨᠢᠭᠡ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ | ᠲᠠᠷᠠᠭ᠎ᠠ ᠲᠠᠭᠢᠭᠠᠳ 30 ᠵᠢᠯ ᠤᠨ ᠬᠤᠭᠤᠴᠠᠭᠠᠤᠷᠲᠤᠳᠬᠠᠨᠠ᠃ | ᠭᠠᠵᠠᠷ ᠰᠢᠷᠣᠶ ᠶᠢ ᠤᠷᠲᠤᠳᠬᠠᠨ ᠳᠠᠭᠠᠭᠠᠴᠢᠯᠠᠭᠤᠯᠬᠤ ᠬᠤᠭᠤᠴᠠᠭ᠎ᠠ ᠪᠣᠯ 2026 ᠣᠨ ᠤ 1 ᠰᠠᠷ᠎ᠠ ᠶᠢᠨ | 1 ᠤ ᠡᠳᠦᠷ ᠠᠴᠠ 2055 ᠣᠨ ᠤ 12 ᠰᠠᠷ᠎ᠠ ᠶᠢᠨ 31 ᠤ ᠡᠳᠦᠷ ᠪᠣᠯᠤᠨ᠎ᠠ᠃ | ᠬᠤᠶᠠᠷ᠂ ᠭᠠᠵᠠᠷ ᠰᠢᠷᠣᠶ ᠶᠢ ᠤᠷᠲᠤᠳᠬᠠᠨ ᠳᠠᠭᠠᠭᠠᠴᠢᠯᠠᠭᠤᠯᠬᠤ ᠠᠵᠢᠯ ᠤᠨ ᠦᠨᠳᠦᠰᠦᠨ ᠲᠥᠷᠥ ᠶᠢᠨ ᠪᠣᠳᠣᠯᠭ᠎ᠠ | ᠪᠠ ᠵᠠᠷᠴᠢᠮ | 1. ᠬᠠᠮᠲᠤ ᠶᠢᠨ ᠥᠮᠴᠢᠯᠡᠯ ᠢ ᠭᠤᠶᠢᠪᠢᠰᠢ ᠦᠭᠡᠢ ᠪᠠᠷᠢᠮᠲᠠᠯᠠᠵᠤ᠂ ᠤᠤᠯ ᠤᠨ ᠬᠠᠮᠲᠤ ᠶᠢᠨ ᠥᠮᠴᠢᠯᠡᠯ ᠤᠨ | ᠡᠷᠬᠡ ᠶᠢᠨ ᠵᠠᠭᠠᠭ ᠬᠢᠵᠠᠭᠠᠷ ᠢ ᠡᠪᠳᠡᠵᠦ ᠪᠦᠬᠦ ᠭᠠᠴᠠᠭᠠᠨ ᠤ ᠬᠡᠪᠴᠢᠶᠡᠨ ᠳᠤ ᠲᠡᠭᠰᠢᠳᠬᠡᠨ ᠳᠠᠭᠠᠭᠠᠴᠢᠯᠠᠭᠤᠯᠬᠤ ᠶᠢ | ᠴᠢᠩᠭ᠎ᠠ ᠴᠠᠭᠠᠵᠠᠯᠠᠨ᠎ᠠ᠃ | 2 . ᠮᠠᠯᠵᠢᠬᠤ ᠲᠠᠷᠢᠶᠠᠯᠠᠬᠤ ᠡᠷᠦᠬᠡ ᠶᠢᠨ ᠭᠡᠷ ᠪᠦᠯᠢ ᠪᠠᠷ ᠳᠠᠭᠠᠭᠠᠴᠢᠯᠠᠨ ᠡᠵᠡᠩᠨᠡᠬᠦ ᠶᠢ ᠪᠠᠷᠢᠮᠲᠠᠯᠠᠨ᠎ᠠ᠃ | ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠳᠣᠲᠣᠷᠠᠬᠢ ᠮᠠᠯᠵᠢᠬᠤ ᠲᠠᠷᠢᠶᠠᠯᠠᠬᠤ ᠡᠷᠦᠬᠡ ᠳᠠᠭᠠᠭᠠᠴᠢᠯᠠᠨ ᠡᠵᠡᠩᠨᠡᠨ᠎ᠡ᠂ ᠭᠠᠴᠠᠭᠠᠨ ᠤ ᠬᠠᠮᠲᠤ | ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯ ᠳᠠᠭᠠᠭᠠᠴᠢᠯᠠᠭᠤᠯᠤᠭᠴᠢ ᠮᠥᠨ᠂ ᠲᠤᠰ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠷᠠᠬᠢ ᠮᠠᠯᠵᠢᠬᠤ ᠲᠠᠷᠢᠶᠠᠯᠠᠬᠤ ᠡᠷᠦᠬᠡ ᠪᠣᠯ ᠳᠠᠭᠠᠭᠠᠴᠢᠯᠠᠭᠴᠢ | ᠮᠥᠨ᠃ | 3 .ᠮᠠᠯᠵᠢᠬᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠭᠰᠠᠨ ᠭᠠᠵᠠᠷ ᠢ ᠲᠣᠭᠲᠠᠭᠤᠨ ᠪᠠᠶᠢᠯᠭᠠᠬᠤ ᠶᠢ | ᠪᠠᠲᠤᠯᠠᠵᠤ᠂ ᠳᠠᠭᠠᠭᠠᠴᠢᠯᠠᠭᠤᠯᠤᠭᠴᠢ ᠬᠢᠭᠡᠳ ᠪᠤᠰᠤᠳ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠬᠠᠤᠯᠢ ᠠᠴᠠ | ᠵᠥᠷᠢᠴᠡᠨ ᠳᠠᠭᠠᠭᠠᠴᠢᠯᠠᠭᠰᠠᠨ ᠭᠠᠵᠠᠷ ᠢ ᠳᠠᠬᠢᠨ ᠲᠣᠬᠢᠷᠠᠭᠤᠯᠬᠤ ᠪᠠ ᠬᠤᠷᠢᠶᠠᠨ ᠠᠪᠴᠤ ᠪᠣᠯᠬᠤ ᠦᠭᠡᠶ᠃ | 4 . 《 ᠬᠥᠮᠦᠨ ᠨᠢ ᠨᠡᠮᠡᠭᠳᠡᠪᠡᠴᠦ ᠭᠠᠵᠠᠷ ᠨᠢ ᠨᠡᠮᠡᠭᠳᠡᠬᠦ ᠦᠭᠡᠶ᠂ ᠬᠥᠮᠦᠨ ᠨᠢ ᠬᠠᠰᠤᠭᠳᠠᠪᠠᠴᠤ ᠭᠠᠵᠠᠷ | ᠨᠢ ᠬᠠᠰᠤᠭᠳᠠᠬᠤ ᠦᠭᠡᠶ 》 ᠪᠠᠶᠢᠬᠤ ᠶᠢ ᠦᠷᠭᠦᠯᠵᠢᠯᠡᠨ ᠰᠠᠨᠠᠭᠠᠴᠢᠯᠠᠬᠤ ᠬᠡᠷᠡᠭᠲᠡᠶ᠃ 《 ᠶᠡᠭᠡ ᠲᠣᠭᠲᠠᠭᠤᠨ᠂ | ᠪᠠᠭ᠎ᠠ ᠲᠣᠬᠢᠷᠠᠭᠤᠯᠤᠯᠲᠠ 》 ᠶᠢ ᠪᠠᠷᠢᠮᠲᠠᠯᠠᠨ᠂ ᠳᠠᠭᠠᠭᠠᠴᠢᠯᠠᠭᠰᠠᠨ ᠭᠠᠵᠠᠷ ᠢ ᠤᠤᠯ ᠤᠨ ᠪᠠᠶᠢᠳᠠᠯ ᠢ | ᠬᠤᠪᠢᠷᠠᠭᠤᠯᠵᠤ ᠳᠠᠬᠢᠨ ᠬᠤᠪᠢᠶᠠᠵᠤ ᠪᠣᠯᠬᠤ ᠦᠭᠡᠶ᠂ ᠵᠣᠩᠬᠢᠯᠠᠬᠤ ᠣᠯᠠᠨ ᠲᠣᠭᠠᠨ ᠤ ᠮᠠᠯᠵᠢᠬᠤ ᠲᠠᠷᠢᠶᠠᠯᠠᠬᠤ | ᠡᠷᠦᠬᠡ ᠶᠢᠨ ᠤᠤᠯ ᠤᠨ ᠳᠠᠭᠠᠭᠠᠴᠢᠯᠠᠭᠰᠠᠨ ᠭᠠᠵᠠᠷ ᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠦᠨᠡᠨᠬᠦ | ᠪᠠᠲᠤᠯᠠᠬᠤ ᠬᠡᠷᠡᠭᠲᠡᠶ᠃ | 5 . ᠭᠠᠵᠠᠷ ᠰᠢᠷᠣᠶ ᠶᠢ ᠤᠷᠲᠤᠳᠬᠠᠨ ᠳᠠᠭᠠᠭᠠᠴᠢᠯᠠᠭᠤᠯᠬᠤ ᠠᠵᠢᠯ ᠢ ᠬᠤᠰᠢᠭᠤ᠂ ᠰᠢᠶᠠᠩ ᠪᠠᠯᠭᠠᠰᠤ ᠰᠤᠮᠤ | ( ᠵᠡᠭᠡᠯᠢ ᠭᠤᠳᠤᠮᠵᠢ ) ᠲᠠᠯᠠᠪᠠᠶ᠂ ᠭᠠᠴᠠᠭ᠎ᠠ ᠲᠣᠰᠬᠤᠨ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠲᠠᠷᠢᠶᠠᠯᠠᠬᠤ ᠮᠠᠯᠵᠢᠬᠤ ᠡᠷᠦᠬᠡ ᠠᠴᠠ ᠵᠠᠷᠤᠳᠠᠯ ᠬᠤᠷᠢᠶᠠᠬᠤ ᠦᠭᠡᠶ᠃ | ᠭᠤᠷᠪᠠ᠂ ᠭᠠᠵᠠᠷ ᠲᠠᠷᠢᠶ᠎ᠠ ᠶᠢ ᠤᠷᠲᠤᠳᠬᠠᠨ ᠳᠠᠭᠠᠭᠠᠴᠢᠯᠠᠭᠤᠯᠬᠤ ᠠᠵᠢᠯ ᠤᠨ ᠠᠯᠬᠤᠮ ᠲᠠᠷᠠᠭ᠎ᠠ | ᠠᠵᠢᠯᠯᠠᠬᠤ ᠳᠤᠭᠤᠶᠢᠯᠠᠩ ᠪᠠᠶᠢᠭᠤᠯᠬᠤ᠂ ᠪᠠᠶᠢᠳᠠᠯ ᠢ ᠣᠶᠢᠯᠠᠭᠠᠵᠤ ᠬᠢᠨᠠᠨ ᠬᠠᠷᠭᠤᠭᠤᠯᠬᠤ᠂ ᠲᠥᠰᠦᠯ ᠲᠣᠭᠲᠠᠭᠠᠬᠤ᠂ | ᠪᠠᠶᠢᠴᠠᠭᠠᠯᠲᠠ ᠥᠷᠨᠢᠭᠦᠯᠬᠦ᠂ ᠬᠢᠨᠠᠨ ᠬᠠᠷᠭᠤᠭᠤᠯᠵᠤ ᠢᠯᠡ ᠨᠡᠶᠢᠲᠡᠯᠡᠬᠦ᠂ ᠭᠡᠷ᠎ᠡ ᠲᠣᠭᠲᠠᠬᠤ᠂ ᠦᠨᠡᠮᠯᠡᠯ ᠢ | ᠪᠦᠷᠢᠨᠰᠢᠭᠦᠯᠬᠦ᠂ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ 《 ᠨᠠᠶᠮᠠᠨ ᠠᠯᠬᠤᠮ ᠤᠨ ᠠᠵᠢᠯ ᠤᠨ ᠠᠷᠭ᠎ᠠ | 》 ᠶᠢ ᠠᠬᠢᠭᠤᠯᠤᠨ ᠨᠠᠶᠢᠳᠠᠪᠤᠷᠢᠵᠢᠭᠤᠯᠤᠨ᠎ᠠ᠃ | ᠳᠥᠷᠪᠡ᠂ ᠮᠠᠯᠵᠢᠬᠤ ᠲᠠᠷᠢᠶᠠᠯᠠᠬᠤ ᠡᠷᠦᠬᠡ ᠶᠢᠨ ᠬᠠᠮᠵᠢᠯᠴᠠᠬᠤ ᠴᠢᠬᠤᠯᠠᠲᠠᠶ ᠵᠦᠶᠯᠡᠰ | 1. ᠳᠠᠭᠠᠭᠠᠴᠢᠯᠠᠭᠴᠢ ᠶᠢᠨ ᠲᠥᠯᠥᠭᠡᠯᠡᠭᠴᠢ ᠶᠢ ᠰᠠᠶᠢᠲᠤᠷ ᠰᠣᠩᠭᠤᠬᠤ ᠬᠡᠷᠡᠭᠲᠡᠢ᠃ ᠡᠯ᠎ᠡ ᠮᠠᠯᠴᠢᠨ | ᠲᠠᠷᠢᠶᠠᠴᠢᠨ ᠡᠷᠦᠬᠡ ᠤᠴᠢᠷ ᠶᠠᠪᠤᠳᠠᠯ ᠢ ᠡᠵᠡᠮᠳᠡᠵᠦ ᠴᠢᠳᠠᠬᠤ ᠮᠥᠷᠲᠡᠭᠡᠨ ᠭᠠᠷ ᠤᠲᠠᠰᠤ ᠪᠠᠷ ᠠᠵᠢᠯᠯᠠᠵᠤ ᠴᠢᠳᠠᠬᠤ | ᠬᠡᠷ ᠪᠦᠯᠢ ᠶᠢᠨ ᠳᠠᠭᠠᠭᠠᠴᠢᠯᠠᠭᠴᠢ ᠶᠢᠨ ᠲᠥᠯᠥᠭᠡᠯᠡᠭᠴᠢ ᠶᠢ ᠰᠣᠩᠭᠤᠵᠤ᠂ ᠳᠠᠭᠠᠭᠠᠴᠢᠯᠠᠭᠴᠢ ᠶᠢᠨ ᠲᠥᠯᠥᠭᠡᠯᠡᠭᠴᠢ | ᠶᠢᠨ ᠬᠠᠷᠢᠯᠴᠠᠭ᠎ᠠ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠬᠠᠮᠲᠤ ᠭᠠᠷ ᠤᠲᠠᠰᠤ ᠪᠠᠷ ᠰᠦᠯᠵᠢᠶᠡᠨ ᠳᠡᠭᠡᠷ᠎ᠡ | ᠭᠠᠷ ᠤᠨ ᠥᠰᠥᠭ ᠵᠢᠷᠤᠬᠤ ᠠᠵᠢᠯᠯᠠᠭ᠎ᠠ ᠪᠠ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠨᠤᠲᠠᠯᠠᠬᠤ ᠶᠢ | ᠪᠡᠶᠡᠯᠡᠭᠦᠯᠦᠨ᠎ᠡ᠃ | 2 . ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠭᠰᠠᠨ ᠦᠨᠡᠮᠯᠡᠯ᠂ ᠭᠡᠷ ᠪᠦᠯᠢ ᠶᠢᠨ | ᠡᠷᠦᠬᠡ ᠠᠮᠠ ᠶᠢᠨ ᠳᠡᠪᠲᠡᠷ᠂ ᠳᠠᠭᠠᠭᠠᠴᠢᠯᠠᠭᠰᠠᠨ ᠡᠷᠦᠬᠡ ᠶᠢᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠵᠡᠷᠭᠡ | ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠢ ᠰᠠᠶᠢᠲᠤᠷ ᠪᠡᠯᠡᠳᠬᠡᠵᠦ᠂ ᠠᠵᠢᠯᠲᠠᠳ ᠲᠠᠢ ᠢᠳᠡᠪᠬᠢᠲᠡᠶ ᠬᠠᠮᠵᠢᠯᠴᠠᠨ | ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠬᠢᠬᠦ ᠦᠶ᠎ᠡ ᠳᠠᠬᠢ ᠪᠠ ᠭᠠᠵᠠᠷ ᠰᠢᠷᠣᠶ ᠶᠢᠨ | ᠡᠷᠬᠡ ᠶᠢ ᠨᠤᠲᠠᠯᠠᠨ ᠲᠣᠭᠲᠠᠭᠠᠬᠤ ᠦᠶ᠎ᠡ ᠶᠢᠨ ᠬᠥᠮᠦᠨ ᠠᠮᠠ ᠶᠢᠨ ᠪᠠᠶᠢᠳᠠᠯ ᠤᠨ ᠪᠠᠶᠢᠴᠠᠭᠠᠯᠲᠠ ᠬᠢᠨ᠎ᠡ᠃ | 3 . ᠠᠵᠢᠯᠲᠠᠳ ᠲᠠᠢ ᠬᠠᠮᠵᠢᠯᠴᠠᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠠᠴᠠ | ᠨᠠᠰᠢᠬᠢ ᠲᠠᠷᠢᠶᠠᠨ ᠭᠠᠵᠠᠷ ᠤᠨ ᠲᠠᠯᠠᠪᠠᠶ ᠶᠢᠨ ᠬᠤᠪᠢᠷᠠᠯᠲᠠ ᠶᠢᠨ ᠪᠠᠶᠢᠳᠠᠯ ᠵᠢᠴᠢ ᠣᠲᠣ ᠶᠢᠨ ᠪᠠᠶᠢᠭ᠎ᠠ ᠲᠠᠷᠢᠶᠠᠨ | ᠭᠠᠵᠠᠷ ᠤᠨ ᠲᠠᠯᠠᠪᠠᠶ ᠶᠢ ᠪᠠᠶᠢᠴᠠᠭᠠᠵᠤ᠂ ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠵᠢᠭᠠᠨ ᠲᠣᠭᠲᠠᠭᠠᠵᠤ᠂ ᠡᠷᠬᠡ | ᠶᠢᠨ ᠬᠠᠷᠢᠶ᠎ᠠ ᠶᠢᠨ ᠪᠠᠶᠢᠴᠠᠭᠠᠯᠲᠠ ᠶᠢ ᠵᠠᠷᠯᠠᠨ ᠨᠡᠶᠢᠲᠡᠯᠡᠭᠰᠡᠨ ᠪᠠᠶᠢᠳᠠᠯ ᠢ ᠬᠢᠨᠠᠮᠠᠭᠠᠶ ᠬᠠᠷᠭᠤᠭᠤᠯᠵᠤ᠂ | ᠬᠠᠷᠭᠤᠭᠤᠯᠤᠭᠠᠳ ᠪᠤᠷᠤᠭᠤ ᠥᠬᠡᠶ ᠪᠣᠯ ᠭᠠᠷ ᠤᠨ ᠥᠰᠥᠭ ᠵᠢᠷᠤᠵᠤ ᠨᠤᠲᠠᠯᠠᠨ ᠲᠣᠭᠲᠠᠭᠠᠨ᠎ᠠ᠃ ᠬᠡᠷᠪᠡ ᠠᠯᠳᠠᠭ᠎ᠠ | ᠪᠤᠷᠤᠭᠤ ᠲᠠᠢ ᠪᠠᠶᠢᠬᠤ ᠶᠢ ᠣᠯᠵᠤ ᠮᠡᠳᠡᠪᠡᠯ᠂ ᠪᠠᠶᠢᠭ᠎ᠠ ᠭᠠᠴᠠᠭ᠎ᠠ ᠲᠣᠰᠬᠤᠨ ᠲᠠᠢ ᠪᠠᠨ ᠳᠠᠷᠤᠶᠢᠬᠠᠨ ᠬᠠᠷᠢᠯᠴᠠᠵᠤ᠂ | ᠲᠣᠭᠲᠠᠭᠠᠭᠰᠠᠨ ᠲᠡᠰ ᠳᠠᠷᠠᠭ᠎ᠠ ᠶᠢᠨ ᠶᠣᠰᠣᠭᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ | 4 . ᠱᠠᠭᠠᠷᠳᠠᠯᠭ᠎ᠠ ᠶᠣᠰᠣᠭᠠᠷ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠬᠤᠷᠠᠯᠳᠤᠭᠤᠯᠤᠭᠰᠠᠨ ᠪᠦᠷᠢᠯᠳᠦᠬᠦᠨ ( ᠪᠦᠷᠢᠯᠳᠦᠬᠦᠨ ᠲᠥᠯᠥᠭᠡᠯᠡᠭᠴᠢ ) ᠤ ᠶᠡᠭᠡ ᠬᠤᠷᠠᠯ ᠳᠤ | ᠣᠷᠣᠯᠴᠠᠵᠤ᠂ ᠲᠡᠦᠬᠡ ᠶᠢ ᠬᠦᠨᠳᠦᠳᠬᠡᠬᠦ᠂ ᠣᠳᠣᠬᠢ ᠪᠠᠶᠢᠳᠠᠯ ᠢ ᠬᠠᠷᠠᠭᠠᠯᠵᠠᠬᠤ ᠵᠠᠷᠴᠢᠮ ᠶᠣᠰᠣᠭᠠᠷ᠂ ᠲᠣᠰ | ᠭᠠᠴᠠᠭ᠎ᠠ ᠲᠣᠰᠬᠤᠨ ᠤ ᠭᠠᠵᠠᠷ ᠰᠢᠷᠣᠶ ᠶᠢ ᠤᠷᠲᠤᠳᠬᠠᠨ ᠳᠠᠭᠠᠭᠠᠴᠢᠯᠠᠭᠤᠯᠬᠤ ᠲᠥᠰᠦᠯ ᠢ ᠲᠣᠭᠲᠠᠭᠠᠬᠤ ᠳᠤ ᠡᠷᠬᠡ | ᠲᠡᠭᠰᠢ᠂ ᠲᠥᠪ ᠭᠤᠤᠯᠴᠢ ᠪᠠᠷ ᠣᠷᠣᠯᠴᠠᠨ᠎ᠠ᠃ | 5 . ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠥᠰᠦᠯ ᠢ ᠵᠠᠷᠯᠠᠨ ᠨᠡᠶᠢᠲᠡᠯᠡᠭᠰᠡᠨ ᠤ | ᠳᠠᠷᠠᠭ᠎ᠠ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠯᠤᠭ᠎ᠠ ᠭᠠᠵᠠᠷ | ᠰᠢᠷᠣᠶ ᠶᠢᠨ ᠳᠠᠭᠠᠭᠠᠴᠢᠯᠠᠯᠲᠠ ᠶᠢ ᠤᠷᠲᠤᠳᠬᠠᠬᠤ ᠭᠡᠷ᠎ᠡ ᠶᠢ ᠴᠠᠭ ᠲᠤᠬᠠᠶ ᠳᠤᠨᠢ ᠲᠤᠭᠲᠠᠬᠤ ᠬᠡᠷᠡᠭᠲᠡᠶ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ | ᠳᠠᠷᠠᠭ᠎ᠠ ᠳᠠᠬᠢᠭᠠᠳ 30 ᠵᠢᠯ ᠤᠷᠲᠤᠳᠬᠠᠬᠤ ᠪᠣᠯ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠬᠤ᠂ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠬᠦ ᠰᠠᠶᠢᠨ ᠶᠠᠪᠤᠳᠠᠯ ᠮᠥᠨ᠂ ᠣᠯᠠᠨ ᠢᠶᠠᠷ | ᠢᠶᠠᠨ ᠢᠳᠡᠪᠬᠢᠲᠡᠶ ᠬᠠᠮᠵᠢᠯᠴᠠᠨ ᠳᠡᠮᠵᠢᠪᠡᠯ᠂ ᠮᠠᠨ ᠤ ᠬᠤᠰᠢᠭᠤᠨ ᠤ ᠭᠠᠵᠠᠷ ᠰᠢᠷᠣᠶ ᠶᠢ ᠤᠷᠲᠤᠳᠬᠠᠨ | ᠳᠠᠭᠠᠭᠠᠴᠢᠯᠠᠭᠤᠯᠬᠤ ᠠᠵᠢᠯ ᠯᠠᠪᠲᠠᠶ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠢᠳᠡ ᠢᠲᠡᠭᠡᠵᠦ ᠪᠠᠶᠢᠨ᠎ᠠ᠃ | ᠣᠯᠠᠨ ᠤ ᠳᠡᠮᠵᠢᠯᠭᠡ ᠪᠠ ᠬᠠᠮᠵᠢᠯᠴᠠᠭ᠎ᠠ ᠳᠤ ᠪᠠᠶᠠᠷᠯᠠᠯ᠎ᠠ︕ | ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠯᠢᠪᠠ ᠪᠦᠬᠦᠨ | ᠤᠷᠤᠭᠰᠢᠲᠠᠶ᠂ ᠠᠮᠢᠳᠤᠷᠠᠯ ᠵᠣᠯ ᠵᠢᠷᠭᠠᠯᠲᠠᠢ ᠪᠠᠶᠢᠬᠤ ᠶᠢ ᠵᠥᠩᠨᠡᠶ᠎ᠡ︕ | ᠣᠩᠨᠢᠭᠤᠳ ᠬᠤᠰᠢᠭᠤᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ | | 2025 ᠣᠨ ᠤ 3 ᠳ᠋ᠤᠭᠠᠷ ᠰᠠᠷ᠎ᠠ ᠶᠢᠨ 20 ᠤ ᠡᠳᠦᠷ |