| | 3 ᠰᠠᠷ᠎ᠠ ᠶᠢᠨ 30 ᠤ ᠡᠳᠦᠷ᠂ ᠡᠯᠡᠰᠦ ᠮᠠᠩᠬᠠᠨ ᠳᠤ ᠮᠠᠰᠢᠨ ᠲᠡᠷᠭᠡ ᠬᠡᠭᠡᠷᠡᠯᠡᠨ ᠳᠠᠪᠬᠢᠭᠤᠯᠬᠤ | ᠤᠷᠤᠯᠳᠤᠭᠠᠨ ᠤ ᠰᠢᠷᠢᠰ ᠠᠵᠢᠯᠯᠠᠭ᠎ᠠ ᠪᠤᠯᠬᠤ ᠴᠠᠭᠠᠨ ᠢᠳᠡᠭᠡᠨ ᠤ ᠳᠡᠯᠭᠡᠨ ᠪᠤᠷᠤᠯᠠᠭᠤᠯᠭ᠎ᠠ ᠪᠠ ᠦᠨᠳᠦᠰᠦᠲᠡᠨ ᠤ | ᠬᠤᠪᠴᠠᠰᠤ ᠵᠠᠰᠠᠯ᠂ ᠤᠷᠠᠨ ᠬᠠᠳᠬᠤᠮᠠᠯ ᠤᠨ ᠦᠵᠡᠭᠦᠯᠦᠯᠭᠡ ᠶᠢᠨ ᠱᠠᠩᠨᠠᠯ ᠣᠯᠭᠤᠬᠤ ᠶᠣᠰᠣᠯᠠᠯ ᠰᠣᠶᠣᠯ | ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠲᠤ ᠶᠠᠪᠤᠭᠳᠠᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠠᠴᠠ ᠢᠷᠡᠭᠰᠡᠨ ᠴᠢᠨᠠᠷ ᠰᠠᠶᠢᠲᠠᠶ ᠴᠠᠭᠠᠨ ᠢᠳᠡᠭᠡ | ᠦᠵᠡᠰᠬᠦᠯᠡᠩ ᠳᠤ ᠣᠷᠣᠯᠴᠠᠵᠤ᠂ ᠲᠤᠰᠬᠠᠶ ᠮᠡᠷᠭᠡᠵᠢᠯ ᠤᠨ ᠬᠢᠨᠠᠭᠴᠢᠳ ᠪᠣᠯᠤᠨ ᠬᠡᠷᠡᠭᠯᠡᠭᠴᠢᠳ ᠤᠨ ᠰᠢᠯᠭᠠᠯᠲᠠ ᠶᠢ | ᠬᠦᠯᠢᠶᠡᠵᠦ᠂ ᠰᠢᠯᠭᠠᠷᠠᠭᠤᠯᠤᠯᠲᠠ ᠪᠠᠷ ᠳᠠᠮᠵᠢᠨ᠂ ᠰᠢᠨᠡᠰᠦ᠋ᠮ᠎ᠡ ᠰᠤᠮᠤ ᠶᠢᠨ ᠡᠷᠳᠡᠨᠢ ᠴᠠᠭᠠᠨ ᠢᠳᠡᠭᠡᠨ ᠤ | ᠦᠢᠯᠡᠳᠪᠦᠷᠢ ᠨᠢ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠦᠨᠳᠦᠰᠦᠲᠡᠨ ᠤ ᠬᠤᠪᠴᠠᠰᠤ ᠵᠠᠰᠠᠯ᠂ ᠤᠷᠠᠨ | ᠬᠠᠳᠬᠤᠮᠠᠯ ᠤᠨ ᠦᠵᠡᠰᠬᠦᠯᠡᠩ ᠳᠤ ᠸᠠᠨ ᠯᠢ ᠬᠤᠸᠠ ᠰᠢᠶᠠᠩ ᠮᠣᠩᠭᠤᠯ ᠬᠠᠳᠬᠤᠮᠠᠯ ᠬᠤᠪᠴᠠᠰᠤᠨ ᠤ ᠬᠢᠵᠠᠭᠠᠷᠲᠤ | ᠺᠣᠮᠫᠠᠨᠢ ᠲᠡᠷᠢᠭᠦᠯᠡᠵᠡᠢ᠃ | ᠣᠶᠢᠷ᠎ᠠ ᠶᠢᠨ ᠵᠢᠯ ᠠᠴᠠ ᠨᠠᠰᠢ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠲᠡᠨ ᠤ | ᠤᠯᠠᠮᠵᠢᠯᠠᠯᠲᠤ ᠰᠣᠶᠣᠯ ᠨᠢ ᠬᠡᠷᠡᠯ ᠭᠢᠯᠪᠠᠭ᠎ᠠ ᠪᠠᠨ ᠨᠠᠩ ᠶᠡᠭᠡ ᠰᠠᠴᠤᠷᠠᠭᠤᠯᠬᠤ ᠶᠢ ᠶᠡᠬᠡᠪᠡᠷ ᠳᠠᠶᠢᠴᠢᠯᠠᠵᠤ ᠪᠠᠶᠢᠨ᠎ᠠ᠃ | |