| | 3 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠡᠯᠡᠰᠦ ᠮᠠᠩᠬᠠᠨ ᠳᠤ ᠮᠠᠰᠢᠨ | ᠲᠡᠷᠭᠡ ᠬᠡᠭᠡᠷᠯᠡᠨ ᠳᠠᠪᠬᠢᠭᠤᠯᠬᠤ ᠤᠷᠤᠯᠳᠤᠭᠠᠨ ᠢᠶᠠᠷ ᠠᠵᠠ ᠲᠣᠬᠢᠶᠠᠯ ᠪᠤᠯᠭᠠᠨ᠂ ᠦᠨᠳᠦᠰᠦᠲᠡᠨ ᠤ ᠤᠯᠠᠮᠵᠢᠯᠠᠯᠲᠤ | ᠪᠡᠶ᠎ᠡ ᠲᠠᠮᠢᠷ ᠤᠨ ᠤᠷᠤᠯᠳᠤᠭᠠᠨ ᠢ ᠡᠷᠬᠢᠯᠡᠨ ᠶᠠᠪᠤᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ | ᠵᠢᠭᠤᠯᠴᠢᠳ ᠲᠤ ᠭᠠᠶᠢᠬᠠᠭᠤᠯᠤᠭᠰᠠᠨ ᠢᠶᠠᠷ ᠪᠠᠷᠠᠬᠤ ᠦᠭᠡᠢ ᠦᠨᠳᠦᠰᠦᠲᠡᠨ ᠨᠦᠭᠦᠳ ᠤᠨ ᠬᠠᠷᠢᠴᠠᠭ᠎ᠠ ᠶᠠᠪᠤᠯᠴᠠᠭ᠎ᠠ ᠶᠢ | ᠴᠤ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ | ᠲᠣᠰ ᠤᠳᠠᠭᠠᠨ ᠤ ᠤᠷᠤᠯᠳᠤᠭᠠᠨ ᠳᠤ ᠪᠥᠬᠡ ᠪᠠᠷᠢᠯᠳᠤᠬᠤ᠂ ᠰᠤᠷ ᠬᠠᠷᠪᠤᠬᠤ᠂ ᠪᠢᠯᠠᠭᠤ ᠰᠢᠳᠡᠬᠦ ᠵᠡᠷᠭᠡ | ᠤᠯᠠᠮᠵᠢᠯᠠᠯᠲᠤ ᠪᠡᠶ᠎ᠡ ᠲᠠᠮᠢᠷ ᠤᠨ ᠤᠷᠤᠯᠳᠤᠭᠠᠨ ᠳᠤᠬᠢᠷᠠᠭᠤᠯᠵᠤ᠂ ︽ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠪᠤᠯᠤᠨ ᠰᠣᠶᠣᠯ ᠵᠢᠭᠤᠯᠴᠢᠯᠠᠯ ᠂ ᠪᠡᠶ᠎ᠡ ᠲᠠᠮᠢᠷ︾ ᠤᠨ ᠵᠠᠭᠪᠤᠷ ᠢᠶᠠᠷ ᠳᠠᠮᠵᠢᠭᠤᠯᠤᠨ᠂ ᠣᠨᠴᠠᠯᠢᠭᠲᠤ ᠰᠣᠶᠣᠯ | ᠵᠢᠭᠤᠯᠴᠢᠯᠠᠯ ᠤᠨ ᠬᠠᠷᠢᠯᠴᠠᠭᠠᠨ ᠤ ᠲᠠᠪᠴᠠᠩ ᠢ ᠪᠠᠶᠢᠭᠤᠯᠵᠤ᠂ ᠵᠢᠭᠤᠯᠴᠢᠯᠠᠯ ᠢ ᠦᠨᠳᠦᠰᠦᠲᠡᠨ ᠨᠦᠭᠦᠳ ᠤᠨ | ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠰᠣᠨᠢᠷᠬᠠᠬᠤ᠂ ᠬᠠᠷᠢᠯᠴᠠᠨ ᠰᠤᠷᠤᠯᠴᠠᠬᠤ᠂ ᠬᠠᠷᠢᠯᠴᠠᠨ ᠳᠠᠪᠰᠢᠬᠤ | ᠬᠥᠭᠦᠷᠭᠡ ᠪᠤᠯᠭᠠᠨ᠂ ᠦᠨᠳᠦᠰᠦᠲᠡᠨ ᠤ ᠪᠦᠯᠬᠦᠮᠳᠡᠯ ᠤᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠭᠰᠡᠨ ᠪᠠᠶᠢᠨ᠎ᠠ᠃ | |