ᠬᠠᠪᠤᠷ ᠡᠯᠡᠰᠥ ᠲᠤᠭᠤᠯᠬᠤ·ᠤᠯᠠᠭᠠᠨᠬᠠᠳᠠ ᠶᠢᠨ ᠬᠠᠰ ᠯᠤᠤ ᠡᠯᠡᠰᠦᠨ ᠨᠠᠭᠤᠷ ᠤᠨ  ᠡᠯᠡᠰᠥ ᠮᠠᠩᠬᠠᠨ  ᠳᠤ ᠬᠡᠭᠡᠷᠯᠡᠨ ᠳᠠᠪᠬᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ  ᠬᠦᠰᠢᠭᠡ ᠪᠠᠨ ᠨᠡᠬᠡᠭᠡᠪᠡ
ᠨᠡᠶᠢᠲᠡᠯᠡᠭᠰᠡᠨ ᠴᠠᠭ᠄
2025/4/8
      3 ᠰᠠᠷ᠎ᠠ ᠶᠢᠨ 29 ᠤ ᠡᠳᠦᠷ᠂ ᠬᠠᠪᠤᠷ ᠡᠯᠡᠰᠥ ᠲᠤᠭᠤᠯᠬᠤ·ᠤᠯᠠᠭᠠᠨᠬᠠᠳᠠ ᠶᠢᠨ ᠬᠠᠰ ᠯᠤᠤ ᠡᠯᠡᠰᠦᠨ ᠨᠠᠭᠤᠷ ᠤᠨ ᠡᠯᠡᠰᠥ ᠮᠠᠩᠬᠠᠨ   ᠳᠤ ᠬᠡᠭᠡᠷᠯᠡᠨ ᠳᠠᠪᠬᠢᠬᠤ ᠮᠠᠩᠯᠠᠢ ᠰᠢᠯᠭᠠᠷᠠᠭᠤᠯᠬᠤ  ᠤᠷᠤᠯᠳᠤᠭᠠᠨ ᠣᠩᠨᠢᠭᠤᠳ ᠬᠤᠰᠢᠭᠤᠨ ᠳᠤ  ᠬᠦᠰᠢᠭᠡ ᠪᠠᠨ ᠨᠡᠬᠡᠭᠡᠪᠡ᠃  ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠮᠢᠩᠭ᠎ᠠ ᠭᠠᠷᠤᠶ ᠬᠡᠭᠡᠷᠡᠯᠡᠨ  ᠳᠠᠪᠬᠢᠬᠤ  ᠳᠡᠷᠭᠡᠴᠢᠳ  ᠤᠩᠨᠢᠭᠤᠳ  ᠨᠤᠲᠤᠭ ᠲᠤ ᠴᠤᠭᠯᠠᠷᠠᠵᠤ᠂ ᠨᠠᠢᠮᠠᠨ ᠵᠠᠭᠤᠨ ᠭᠠᠵᠠᠷ ᠤᠨ  ᠡᠯᠡᠰᠦᠨ ᠴᠥᠯ ᠳᠤ ᠥᠷᠢᠰᠥᠯᠳᠦᠭᠡᠨ ᠶᠠᠪᠤᠭᠤᠯᠵᠤ᠂ ᠦᠵᠡᠭᠴᠢᠳ ᠵᠤᠭᠠᠴᠠᠭᠰᠠᠳ  ᠤᠨ ᠬᠠᠷᠠᠭ᠎ᠠ ᠶᠢ ᠮᠢᠯᠢᠶᠠᠬᠤ ᠪᠣᠯᠤᠨ᠎ᠠ᠃       ᠲᠣᠰ ᠤᠳᠠᠭᠠᠨ ᠤ ᠤᠷᠤᠯᠳᠤᠭᠠᠨ ᠢ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ ᠣᠩᠨᠢᠭᠤᠳ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ᠂  ᠪᠡᠭᠡᠵᠢᠩ ᠳᠠᠬᠢ ᠬᠡᠭᠡᠷᠡᠯᠡᠨ ᠠᠶᠠᠯᠠᠭᠴᠢᠳ   ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠬᠠᠮᠲᠤ ᠪᠠᠷ ᠳᠠᠭᠠᠭᠠᠴᠢᠯᠠᠨ ᠡᠷᠭᠢᠯᠡᠪᠡ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠬᠡᠳᠦᠨ ᠮᠢᠩᠭᠠᠨ ᠲᠡᠷᠭᠡᠴᠢᠨ ᠪᠣᠯᠤᠨ ᠵᠤᠭᠠᠴᠠᠭᠰᠠᠳ ᠬᠠᠮᠲᠤ ᠪᠠᠷ ᠤᠷᠤᠯᠳᠤᠭᠠᠨ ᠡᠬᠢᠯᠡᠭᠰᠡᠨ ᠢ ᠭᠡᠷᠡᠴᠢᠯᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠭᠦᠸᠧ ᠬᠤᠸᠠ  ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ  ᠬᠤᠸᠠᠩ ᠾᠧ᠂ ᠬᠤᠰᠢᠭᠤᠨ ᠤ ᠬᠡᠳᠦᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠮᠥᠩᠬᠡ᠂ ᠮᠠ ᠶᠦᠩ ᠭᠠᠩ᠂ ᠯᠢ ᠢᠦᠶ ᠲᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ  ᠳᠡᠭᠡᠷ᠎ᠡ᠂ ᠦᠨᠳᠦᠰᠦᠲᠡᠨ ᠤ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ ᠵᠠᠯᠭᠠᠭ᠎ᠠ ᠪᠠᠷ  ᠲᠠᠶᠢᠰᠠᠨ ᠳᠤ ᠲᠤᠭᠯᠠᠭᠳᠠᠨ᠂ ᠲᠠᠯ᠎ᠠ ᠨᠤᠲᠤᠭ ᠤᠨ ᠠᠷᠠᠳ ᠲᠦᠮᠡᠨ ᠤ ᠴᠢᠩ  ᠦᠨᠡᠨᠴᠢ ᠰᠡᠳᠬᠢᠯ ᠤᠨ ᠵᠥᠩᠨᠡᠯ   ᠢ  ᠳᠠᠮᠵᠢᠭᠤᠯᠪᠠ᠃ ︽ ᠥᠪᠥᠷ ᠮᠣᠩᠭᠤᠯ  ᠲᠠᠨ ᠢ  ᠤᠷᠢᠵᠤ ᠪᠠᠶᠢᠨ᠎ᠠ︾᠂ ︽ᠭᠠᠷᠠᠭ ᠤᠨ ᠰᠡᠭᠦᠯᠴᠢ  ᠪᠠᠷ  ᠤᠯᠠᠭᠠᠨᠬᠠᠳᠠ ᠳᠤ  ᠬᠦᠷᠥᠶ᠎ᠡ︾᠂  ︽ᠤᠷᠢᠯᠭ᠎ᠠ︾ ᠵᠡᠷᠭᠡ ᠳᠠᠭᠤᠤ ᠬᠦᠭᠵᠢᠮ ᠨᠢ  ᠳᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠭᠴᠢᠳ ᠲᠤ ᠤᠩᠨᠢᠭᠤᠳ  ᠨᠤᠲᠤᠭ ᠤᠨ ᠵᠤᠴᠢᠨᠰᠠᠭ ᠵᠠᠩ ᠢ  ᠳᠠᠮᠵᠢᠭᠤᠯᠤᠭᠰᠠᠨ ᠪᠠᠶᠢᠨ᠎ᠠ᠃     ᠥᠪᠥᠷ ᠮᠣᠩᠭᠤᠯ ᠤᠨ  ᠰᠤᠶᠤᠯ ᠵᠢᠭᠤᠯᠴᠢᠯᠠᠯ ᠤᠨ ᠣᠨᠴᠠ ᠤᠷᠢᠭᠰᠠᠨ  ᠰᠦᠯᠵᠢᠶᠡᠨ  ᠤᠳᠤ ᠸᠠᠩ ᠰᠢᠶᠣᠤ ᠯᠢᠶᠠᠩ ᠤᠷᠤᠯᠳᠤᠭᠠᠨ ᠡᠬᠢᠯᠡᠭᠰᠡᠨ ᠢ ᠵᠠᠷᠯᠠᠵᠤ᠂  ᠬᠤᠰᠢᠭᠤᠨ ᠳᠡᠳ᠋ ᠳᠠᠷᠤᠭ᠎ᠠ ᠳᠣᠪᠳᠣᠨᠰᠡᠩᠭᠡ  ᠲᠤᠭ ᠰᠠᠵᠢᠯᠠᠨ  ᠤᠷᠤᠯᠳᠤᠭᠠᠨ ᠲᠡᠷᠭᠡ  ᠤᠷᠤᠭᠰᠢᠯᠠᠬᠤ ᠶᠢ ᠮᠡᠳᠡᠭᠳᠡᠪᠡ᠃     ᠮᠠᠨ ᠤ ᠬᠤᠰᠢᠭᠤ ᠨᠢ  ᠲᠤᠰ ᠤᠳᠠᠭᠠᠨ ᠤ ᠤᠯᠠᠭᠠᠨᠬᠠᠳᠠ ᠬᠤᠲᠠ ᠶᠢᠨ 2025 ᠣᠨ ᠤ ᠰᠣᠶᠣᠯ ᠵᠢᠭᠤᠯᠴᠢᠯᠠᠯ ᠪᠡᠶ᠎ᠡ   ᠲᠠᠮᠢᠷ ᠲᠠᠷᠢᠶᠠᠯᠠᠩ ᠬᠤᠳᠠᠯᠳᠤᠭ᠎ᠠ ᠶᠢ ᠠᠭᠤᠰᠤᠯᠴᠠᠭᠤᠯᠬᠤ ᠠᠵᠢᠯᠯᠠᠭ᠎ᠠ  ᠢᠶᠠᠷ ᠠᠵᠠ ᠲᠣᠬᠢᠶᠠᠯ ᠪᠣᠯᠭᠠᠨ᠂  ᠡᠯᠡᠰᠥ ᠮᠠᠩᠬᠠᠨ ᠤ ᠠᠮᠢ ᠠᠬᠤᠶ ᠶᠢᠨ ᠡᠬᠢ ᠪᠠᠶᠠᠯᠢᠭ ᠲᠤ ᠰᠠᠭᠤᠷᠢᠯᠠᠨ᠂ ︽ᠰᠣᠶᠣᠯ ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠶᠡᠬᠡᠪᠡᠷ ᠬᠡᠷᠡᠭᠵᠢᠭᠦᠯᠵᠦ᠂ ᠬᠡᠷᠡᠭᠯᠡᠭᠡ ᠶᠢᠨ ︽ᠰᠢᠨ᠎ᠡ ᠠᠮᠢᠵᠢᠷᠠᠯ ᠤᠨ ᠬᠦᠴᠦᠨ︾ ᠢ ᠲᠠᠰᠤᠷᠠᠯᠲᠠ ᠥᠬᠡᠶ ᠬᠥᠭᠵᠢᠭᠡᠨ᠂ ᠬᠤᠲᠠ  ᠲᠤᠭᠤᠷᠢᠭ ᠤᠨ ᠲᠦᠷᠢ ᠳᠦᠷᠬᠦ ᠶᠢ  ᠬᠦᠭᠵᠢᠶᠡᠨ ᠲᠠᠢ  ᠪᠤᠯᠭᠠᠵᠤ᠂ ᠣᠩᠨᠢᠭᠤᠳ ᠬᠤᠰᠢᠭᠤᠨ ᠤ ︽ᠰᠢᠨ᠎ᠡ ᠳᠦᠷᠰᠦ ᠪᠠᠶᠢᠳᠠᠯ︾ ᠢ  ᠢᠯᠡᠷᠡᠭᠦᠯᠥᠨ᠂ ︽  ᠤᠩᠨᠢᠭᠤᠳ ᠨᠤᠲᠤᠭ  ᠢᠶᠠᠷ  ᠠᠶᠠᠯᠠᠵᠤ᠂ ᠣᠶᠤᠨ  ᠰᠠᠨᠠᠭ᠎ᠠ ᠪᠠᠨ ᠰᠡᠷᠭᠦᠭᠡᠬᠦ   ︾  ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠨᠠᠩ ᠢᠯᠡᠭᠦᠥ   ᠠᠯᠳᠠᠷᠰᠢᠭᠤᠯᠬᠤ   ᠪᠤᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号