| | 3 ᠰᠠᠷ᠎ᠠ ᠶᠢᠨ 30 ᠤ ᠡᠳᠦᠷ᠂ ᠡᠯᠡᠰᠦ ᠮᠠᠩᠬᠠᠨ ᠳᠤ ᠮᠠᠰᠢᠨ ᠲᠡᠷᠭᠡ ᠬᠡᠭᠡᠷᠡᠯᠡᠨ ᠳᠠᠪᠬᠢᠭᠤᠯᠬᠤ ᠤᠷᠤᠯᠳᠤᠭᠠᠨ | ᠲᠡᠭᠦᠰ ᠠᠮᠵᠢᠯᠲᠠ ᠲᠠᠢ ᠦᠨᠳᠦᠷᠯᠡᠵᠦ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠮᠢᠩᠭ᠎ᠠ ᠭᠠᠷᠤᠢ ᠲᠡᠷᠭᠡᠴᠢᠳ | ᠤᠩᠨᠢᠭᠤᠳ ᠨᠤᠲᠤᠭ ᠲᠤ ᠴᠤᠭᠯᠠᠷᠠᠨ᠂ ᠨᠠᠢᠮᠠᠨ ᠵᠠᠭᠤᠨ ᠭᠠᠵᠠᠷ ᠤᠨ ᠡᠯᠡᠰᠦᠨ ᠴᠥᠯ ᠳᠤ ᠬᠤᠷᠳᠤᠴᠠ ᠪᠤᠯᠤᠨ ᠤᠷ᠎ᠠ | ᠮᠡᠷᠭᠡᠵᠢᠯ ᠢᠶᠠᠨ ᠰᠢᠯᠭᠠᠯᠴᠠᠭᠰᠠᠨ ᠪᠠᠶᠢᠨ᠎ᠠ᠃ | ᠲᠣᠰ ᠤᠳᠠᠭᠠᠨ ᠤ ᠤᠷᠤᠯᠳᠤᠭᠠᠨ ᠳᠤ ᠨᠡᠶᠢᠲᠡ ᠳᠥᠷᠪᠡᠨ ᠳᠤᠭᠤᠶᠢᠯᠠᠩ ᠭᠠᠷᠭᠠᠵᠤ᠂ ᠣᠩᠨᠢᠭᠤᠳ ᠤᠨ ᠡᠯᠡᠰᠦᠨ | ᠴᠥᠯ ᠳᠤ ᠤᠷᠤᠯᠳᠤᠭᠠᠨ ᠤ ᠵᠠᠮ ᠳᠤᠬᠢᠷᠠᠭᠤᠯᠤᠨ᠂ ᠤᠳᠠᠭ᠎ᠠ ᠪᠦᠷᠢ ᠶᠢᠨ ᠲᠤᠰᠤ ᠨᠡᠮᠡᠨ ᠬᠤᠷᠳᠤᠯᠠᠬᠤ ᠪᠤᠯᠤᠨ | ᠤᠷᠤᠯᠳᠤᠭᠠᠨ ᠤ ᠵᠠᠮ ᠢᠶᠠᠷ ᠮᠤᠷᠦ᠋ᠢᠬᠤ ᠨᠢ ᠲᠡᠷᠭᠡᠴᠢᠳ ᠲᠤ ᠴᠥᠮ ᠴᠢᠩᠭ᠎ᠠ ᠬᠠᠲᠠᠭᠤ ᠮᠡᠷᠭᠡᠵᠢᠯ ᠤᠨ ᠰᠢᠯᠭᠠᠯᠲᠠ ᠪᠣᠯᠬᠤ | ᠮᠦᠷᠲᠡᠭᠡᠨ ᠬᠤᠷᠴᠠ ᠰᠢᠷᠦᠭᠦᠨ ᠥᠷᠢᠰᠥᠯᠳᠦᠭᠡᠨ ᠪᠠᠶᠢᠵᠤ᠂ ᠲᠡᠷᠭᠡᠴᠢᠳ ᠤᠨ ᠬᠦᠴᠢᠷ ᠠᠴᠠ ᠰᠦᠷᠳᠡᠬᠦ ᠦᠭᠡᠢ ᠵᠤᠷᠢᠭ | ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ | ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠬᠤᠸᠠ ᠶᠠᠩ ᠲᠡᠷᠭᠡᠴᠢᠳ ᠤᠨ ᠠᠩᠭᠢ᠂ ᠴᠢᠶᠠᠨ ᠠᠨ | ᠵᠢᠦ ᠵᠢᠶᠠᠩ ᠲᠡᠷᠭᠡᠴᠢᠳ ᠤᠨ ᠠᠩᠭᠢ᠂ ᠲᠠᠩᠱᠠᠨ ᠤ ᠶᠦᠨ ᠯᠢᠶᠠᠩ DO ᠲᠡᠷᠭᠡᠴᠢᠳ ᠤᠨ ᠠᠩᠭᠢ᠂ ᠺᠦ ᠶᠧ | ᠲᠡᠷᠭᠡᠴᠢᠳ ᠤᠨ ᠠᠩᠭᠢ ᠲᠣᠰ ᠲᠣᠰ ᠮᠣᠲ᠋ᠣᠷ ᠲᠡᠷᠭᠡ ᠶᠢᠨ ᠳᠤᠭᠤᠶᠢᠯᠠᠩ᠂ ᠭᠠᠭᠴᠠ ᠲᠡᠷᠭᠡᠨ ᠤ ᠳᠤᠭᠤᠶᠢᠯᠠᠩ᠂ T2 | ᠳᠤᠭᠤᠶᠢᠯᠠᠩ ᠪᠠ ᠦᠢᠯᠡᠳᠪᠦᠷᠢ ᠬᠤᠳᠠᠯᠳᠤᠭᠠᠨ ᠤ ᠳᠤᠭᠤᠶᠢᠯᠠᠩ ᠳᠤ ᠲᠡᠷᠢᠭᠦᠯᠡᠨ᠂ ᠮᠠ ᠶᠦᠩ ᠭᠠᠩ᠂ ᠭᠤᠤ ᠶᠦᠩ ᠡᠤ᠂ | ᠳ᠋ᠦᠩ ᠵᠢᠦ ᠪᠢᠩ ᠵᠡᠷᠭᠡ ᠤᠳᠤᠷᠢᠳᠤᠯᠭ᠎ᠠ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃ | ᠬᠤᠲᠠ ᠶᠢᠨ ᠰᠣᠶᠣᠯ ᠵᠢᠭᠤᠯᠴᠢᠯᠠᠯ᠂ ᠪᠡᠶ᠎ᠡ ᠲᠠᠮᠢᠷ᠂ ᠮᠠᠯ ᠲᠠᠷᠢᠶᠠᠯᠠᠩ᠂ ᠠᠷᠠᠯᠵᠢᠶ᠎ᠠ ᠬᠤᠳᠠᠯᠳᠤᠭ᠎ᠠ ᠶᠢ | ᠠᠭᠤᠰᠤᠯᠴᠠᠭᠤᠯᠬᠤ ᠠᠵᠢᠯᠯᠠᠭ᠎ᠠ ᠶᠢᠨ ᠠᠩᠬᠠᠳᠠᠭᠴᠢ ᠲᠣᠮᠣ ᠬᠡᠯᠪᠡᠷᠢ ᠶᠢᠨ ᠠᠵᠢᠯᠯᠠᠭ᠎ᠠ ᠪᠣᠯᠤᠭᠰᠠᠨ ᠤ ᠬᠤᠪᠢ ᠳᠤ᠂ ᠲᠣᠰ | ᠤᠳᠠᠭᠠᠨ ᠤ ᠤᠷᠤᠯᠳᠤᠭᠠᠨ ᠳᠤ ᠭᠤᠤᠯᠯᠠᠨ ᠡᠷᠬᠢᠯᠡᠭᠰᠡᠨ ᠲᠠᠯ᠎ᠠ ᠶᠢᠨ ᠬᠢᠨ ᠲᠡᠷᠭᠡᠴᠢᠳ ᠪᠠ ᠵᠤᠭᠠᠴᠠᠭᠰᠠᠳ ᠤᠨ ᠢᠳᠡᠵᠦ | ᠤᠤᠭᠤᠵᠤ᠂ ᠶᠠᠪᠤᠵᠤ ᠰᠠᠭᠤᠬᠤ ᠪᠤᠯᠤᠨ ᠨᠠᠷᠭᠢᠵᠦ ᠨᠠᠭᠠᠳᠬᠤ ᠪᠥᠬᠦ ᠶᠠᠪᠤᠴᠠ ᠳᠤ ᠠᠩᠬᠠᠷᠤᠯ ᠢᠶᠠᠨ ᠲᠦᠪᠯᠡᠷᠡᠭᠦᠯᠦᠨ᠂ | ᠤᠯᠠᠭᠠᠨᠮᠥ᠋ᠴᠢᠷ ᠤᠨ ᠲᠣᠭᠯᠠᠯᠲᠠ᠂ ᠤᠨᠴᠠᠯᠢᠬᠳᠤ ᠪᠦᠲᠦᠭᠡᠭᠳᠡᠬᠦᠨ ᠤ ᠰᠢᠭᠤᠳ ᠨᠡᠪᠲᠡᠷᠡᠭᠦᠯᠭᠡ ᠶᠢᠨ ᠪᠤᠷᠤᠯᠠᠭᠤᠯᠭ᠎ᠠ᠂ | ᠴᠠᠭᠠᠨ ᠢᠳᠡᠭᠡᠨ ᠤ ᠪᠦᠲᠦᠭᠡᠭᠳᠡᠬᠦᠨ ᠤ ᠪᠤᠷᠤᠯᠠᠭᠤᠯᠭ᠎ᠠ ᠪᠠ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ | ᠠᠵᠢᠯᠯᠠᠭ᠎ᠠ ᠶᠢ ᠴᠦ ᠬᠠᠮᠲᠤᠷᠠᠭᠤᠯᠤᠨ ᠦᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠭᠤᠶᠢᠳᠠ ᠰᠠᠶᠢᠬᠠᠨ ᠪᠠᠶᠢᠳᠠᠯ ᠢ | ᠪᠥᠬᠦ ᠲᠠᠯ᠎ᠠ ᠪᠠᠷ ᠳᠡᠯᠭᠡᠨ ᠦᠵᠡᠭᠦᠯᠦᠭᠰᠡᠨ ᠪᠠᠶᠢᠨ᠎ᠠ᠃ | ᠲᠣᠰ ᠤᠳᠠᠭᠠᠨ ᠤ ᠤᠷᠤᠯᠳᠤᠭᠠᠨ ᠨᠢ ᠣᠩᠨᠢᠭᠤᠳ ᠬᠤᠰᠢᠭᠤᠨ ᠤ ᠥᠪᠡᠷᠮᠢᠴᠡ ᠤᠨᠴᠠᠯᠢᠭ ᠲᠠᠢ ᠡᠯᠡᠰᠦᠨ | ᠴᠦᠯ ᠤᠨ ᠡᠬᠢ ᠪᠠᠶᠠᠯᠢᠭ ᠪᠤᠯᠤᠨ ᠬᠤᠩᠱᠠᠨ ᠰᠣᠶᠣᠯ ᠢᠶᠠᠷ ᠲᠦᠰᠢᠭ ᠪᠣᠯᠭᠠᠵᠤ᠂ ᠲᠡᠷᠭᠡ ᠳᠠᠪᠬᠢᠭᠤᠯᠬᠤ ᠪᠠᠭ᠋ᠠᠲᠠᠶ | ᠬᠥᠮᠦᠰ ᠲᠤ ᠥᠪᠡᠷ ᠢ ᠪᠠᠨ ᠢᠯᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ ᠤᠯᠠᠭᠠᠨᠬᠠᠳᠠ ᠬᠤᠲᠠ ᠶᠢᠨ | ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | |