ᠪᠣᠷᠣᠬᠤᠲᠠ ᠶᠢᠨ ᠵᠥᠩ ᠰᠢᠨ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ ᠵᠢᠩᠬᠢᠨᠢ ᠪᠠᠷ ᠠᠰᠢᠭᠯᠠᠯᠲᠠ ᠳᠤ ᠣᠷᠤᠪᠠ
ᠨᠡᠶᠢᠲᠡᠯᠡᠭᠰᠡᠨ ᠴᠠᠭ᠄
2025/5/13
     ᠤᠶᠢᠷ᠎ᠠ ᠳᠤ᠂ ᠪᠣᠷᠣᠬᠤᠲᠠ ᠵᠦᠩ ᠰᠢᠨ ᠮᠠᠯ ᠤᠨ ᠠᠷᠠᠯᠵᠢᠶᠠᠨ ᠤ ᠲᠥᠪ ᠤᠨ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠪᠦᠬᠦ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢ ᠰᠢᠨ᠎ᠡ ᠨᠢᠭᠡᠨ ᠳᠡᠭᠲᠡᠷ ᠲᠤ  ᠠᠬᠢᠭᠤᠯᠪᠠ᠃     ᠲᠤᠰ ᠠᠷᠠᠯᠵᠢᠶᠠᠨ ᠤ ᠲᠥᠪ ᠨᠢ ᠣᠩᠨᠢᠭᠤᠳ ᠬᠤᠰᠢᠭᠤᠨ ᠤ ᠪᠣᠷᠣᠬᠤᠲᠠ ᠪᠠᠯᠭᠠᠰᠤᠨ ᠳᠤ ᠪᠠᠶᠢᠷᠢᠯᠠᠵᠤ᠂ 120 ᠮᠦ ᠭᠠᠵᠠᠷ ᠡᠵᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 300 ᠭᠠᠷᠤᠢ ᠲᠦᠮᠡᠨ ᠲᠥᠭᠦᠷᠢᠭ  ᠬᠦᠷᠴᠥ ᠂ ᠵᠦᠩ ᠰᠢᠨ ᠦᠬᠡᠷ ᠤᠨ ᠵᠠᠬ᠎ᠠ ᠳᠡᠯᠭᠡᠭᠦᠷ ᠲᠠᠢ ᠵᠠᠬ᠎ᠠ  ᠨᠡᠶᠢᠯᠡᠵᠥ  ᠪᠠᠶᠢᠨ᠎ᠠ᠃  ᠲᠤᠰ ᠵᠠᠬ᠎ᠠ ᠳᠡᠯᠭᠡᠭᠦᠷ ᠨᠢ  ᠮᠠᠯ ᠤᠨ ᠠᠷᠠᠯᠵᠢᠶ᠎ᠠ᠂ ᠮᠠᠯ ᠰᠦᠷᠦᠭ ᠤᠨ ᠨᠠᠶᠢᠳᠠᠨ ᠠᠷᠠᠴᠢᠯᠠᠭ᠎ᠠ᠂ ᠢᠳᠡᠭᠡᠨ ᠤᠮᠳᠠᠭᠠᠨ ᠬᠤᠨᠤᠭ ᠪᠠᠭᠤᠳᠠᠯ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠶᠢ ᠨᠢᠭᠡ ᠴᠣᠭᠴᠠᠵᠢᠭᠤᠯᠵᠤ᠂ ᠲᠦᠮᠡ ᠭᠠᠷᠤᠶ ᠬᠤᠨᠢ ᠶᠢ ᠬᠠᠮᠲᠤ ᠳᠤᠨᠢ ᠠᠷᠠᠯᠵᠢᠶᠠᠯᠠᠵᠤ ᠪᠣᠯᠤᠨ᠎ᠠ᠃ ᠲᠣᠰ ᠲᠥᠪ ᠤᠨ ᠠᠵᠢᠯᠯᠠᠭ᠎ᠠ ᠨᠢ ᠡᠷᠬᠢᠨ ᠲᠣᠭᠤᠷᠢᠨ ᠤ ᠭᠠᠵᠠᠷ ᠣᠷᠣᠨ ᠤ ᠬᠤᠨᠢᠨ ᠤ ᠠᠷᠠᠯᠵᠢᠶ᠎ᠠ ᠶᠢ ᠵᠢᠷᠤᠮᠵᠢᠭᠤᠯᠤᠨ ᠬᠡᠪᠴᠢᠶᠡᠵᠢᠭᠦᠯᠦᠨ ᠬᠥᠭᠵᠢᠭᠦᠯᠬᠦ ᠶᠢ ᠪᠦᠲᠦᠮᠵᠢᠲᠡᠶ ᠠᠬᠢᠭᠤᠯᠵᠤ᠂ ᠮᠠᠯᠴᠢᠨ ᠲᠠᠷᠢᠶᠠᠴᠢᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号