ᠬᠤᠷᠠᠬᠤ ᠭᠠᠴᠠᠭ᠎ᠠ ᠠᠴᠠ ᠬᠤᠸᠠ ᠶᠢᠨ ᠠᠶᠢᠯ ᠬᠦᠷᠬᠦ ᠡᠯᠡᠰᠥ ᠶᠢ ᠲᠤᠭᠤᠯᠤᠭᠰᠠᠨ ᠵᠠᠰᠠᠮᠠᠯ ᠵᠠᠮ ᠨᠡᠪᠲᠡᠷᠡᠵᠥ ᠵᠠᠮ  ᠳᠠᠭᠠᠤ 5 ᠲᠦᠮᠡᠨ ᠮᠤ᠋  ᠡᠯᠡᠰᠥᠷᠬᠡᠭ ᠭᠠᠵᠠᠷ ᠨᠤᠭᠤᠭᠠᠷᠠᠵᠤ ᠡᠬᠢᠯᠡᠪᠡ
ᠨᠡᠶᠢᠲᠡᠯᠡᠭᠰᠡᠨ ᠴᠠᠭ᠄
2025/5/13
      ᠪᠥᠬᠦ ᠣᠷᠳᠣ ᠨᠢ 15  ᠺᠢᠯᠤᠮᠧᠲᠷ ᠪᠤᠯᠬᠤ  ᠬᠤᠷᠠᠬᠤ ᠭᠠᠴᠠᠭ᠎ᠠ ᠠᠴᠠ ᠬᠤᠸᠠ ᠶᠢᠨ ᠠᠶᠢᠯ ᠬᠦᠷᠬᠦ ᠡᠯᠡᠰᠥ  ᠶᠢ ᠲᠤᠭᠤᠯᠤᠭᠰᠠᠨ ᠵᠠᠰᠠᠮᠠᠯ ᠵᠠᠮ ᠠᠩᠬ᠎ᠠ ᠠᠯᠬᠤᠮ  ᠲᠡᠷᠭᠡ  ᠨᠡᠪᠲᠡᠷᠡᠬᠦ ᠶᠢ ᠳᠠᠭᠠᠯᠳᠤᠨ᠂ ᠵᠠᠮ ᠳᠠᠭᠠᠤ  5 ᠲᠦᠮᠡᠨ ᠮᠥ  ᠡᠯᠡᠰᠦᠷᠬᠡᠭ ᠭᠠᠵᠠᠷ  ᠨᠢ ᠡᠨᠡ ᠬᠠᠪᠤᠷ ᠠᠴᠠ ᠨᠠᠰᠢ ᠵᠠᠰᠠᠨ ᠨᠤᠭᠤᠭᠠᠷᠠᠭᠤᠯᠬᠤ ᠪᠠᠷ ᠳᠠᠮᠵᠢᠨ᠂ ᠵᠤᠨ ᠤ  ᠡᠬᠢᠨ ᠪᠤᠯᠬᠤ ᠳᠤ ᠨᠤᠭᠤᠭᠠᠨ ᠪᠦᠷᠬᠦᠪᠴᠢ ᠪᠤᠯᠤᠨ ᠬᠦᠷᠥᠰᠥᠵᠢᠵᠥ᠂ ᠣᠷᠣᠨ ᠪᠦᠰᠡ ᠶᠢᠨ ᠨᠤᠭᠤᠭᠠᠷᠠᠭᠤᠯᠤᠯᠳᠠ   ᠶᠢᠨ ᠬᠤᠷᠳᠤᠴᠠ  ᠶᠢ ᠲᠦᠷᠭᠡᠳᠬᠡᠭᠰᠡᠨ ᠪᠠᠶᠢᠨ᠎ᠠ᠃      ᠮᠠᠨ ᠤ ᠬᠤᠰᠢᠭᠤᠨ ᠤ 2025 ᠣᠨ ᠤ  ᠭᠤᠣᠯᠳᠠᠯᠭ᠎ᠠ ᠲᠠᠢ 3 ᠵᠤᠷᠪᠤᠰ ᠡᠯᠡᠰᠦ  ᠲᠤᠭᠤᠯᠤᠭᠰᠠᠨ ᠵᠠᠰᠠᠮᠠᠯ ᠵᠠᠮ ᠤᠨ ᠨᠢᠭᠡ ᠪᠣᠯᠤᠭᠰᠠᠨ ᠤ ᠬᠤᠪᠢ ᠳᠤ  ᠲᠤᠰ ᠱᠤᠭᠤᠮ ᠨᠢ ᠡᠨᠡ ᠵᠢᠯ ᠤᠨ 4 ᠰᠠᠷ᠎ᠠ ᠳᠤ  ᠠᠵᠢᠯ   ᠢᠶᠠᠨ ᠡᠬᠢᠯᠡᠭᠦᠯᠵᠥ᠂ ᠰᠠᠷ᠎ᠠ  ᠢᠯᠡᠭᠦᠥ ᠶᠢᠨ ᠬᠤᠭᠤᠴᠠᠭ᠎ᠠ ᠬᠡᠷᠡᠭᠰᠡᠨ ᠦᠨᠳᠥᠰᠥᠨ ᠳᠡᠭᠡᠨ ᠲᠡᠷᠭᠡ ᠨᠡᠪᠲᠡᠷᠡᠭᠦᠯᠥᠪᠡ᠃  ᠲᠤᠰ ᠵᠠᠰᠠᠮᠠᠯ ᠵᠠᠮ  ᠤᠨ ᠲᠡᠷᠭᠡ ᠨᠡᠪᠲᠡᠷᠡᠭᠰᠡᠨ ᠨᠢ  ᠤᠤᠯ ᠤᠨ ᠬᠡᠳᠥᠨ ᠠᠷᠪᠠᠨ ᠭᠠᠵᠠᠷ ᠲᠤᠭᠤᠷᠢᠭᠤ ᠠᠶᠠᠯᠠᠳᠠᠭ ᠲᠡᠥᠬᠡ ᠶᠢ ᠡᠴᠥᠰᠯᠡᠭᠦᠯᠵᠥ᠂ ᠣᠷᠣᠨ ᠲᠤᠭᠤᠷᠢᠭ ᠤᠨ ᠵᠠᠮ ᠬᠠᠷᠢᠯᠴᠠᠭ᠎ᠠ ᠶᠢ ᠰᠠᠭᠠᠳ ᠥᠬᠡᠶ ᠨᠡᠪᠲᠡᠷᠡᠭᠦᠯᠦᠭᠰᠡᠨ ᠢᠶᠠᠷ ᠪᠠᠷᠠᠬᠤ ᠥᠬᠡᠶ᠂   ᠠᠮᠢ ᠠᠬᠤᠶ ᠶᠢᠨ ᠵᠠᠰᠠᠯᠲᠠ ᠂ ᠠᠵᠤ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃      ᠲᠤᠰ ᠵᠠᠮ  ᠢ ᠳᠡᠪᠢᠰᠬᠦ ᠶᠢᠨ  ᠬᠠᠮᠲᠤ᠂  ᠵᠠᠮ ᠳᠠᠭᠠᠤ ᠡᠯᠡᠰᠥᠷᠬᠡᠭ ᠭᠠᠵᠠᠷ ᠢ ᠵᠠᠰᠠᠬᠤ ᠠᠵᠢᠯ ᠢ ᠵᠡᠷᠭᠡᠪᠡᠷ  ᠡᠬᠢᠯᠡᠭᠦᠯᠵᠥ᠂ 1.31 ᠳ᠋ᠦᠩᠰᠢᠭᠤᠷ ᠲᠥᠭᠦᠷᠢᠭ   ᠤᠨ ᠪᠡᠯᠡ ᠤᠷᠤᠭᠤᠯᠤᠨ᠂ 9.1683 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠪᠠᠷ ᠲᠥᠯᠥᠪᠯᠡᠵᠦ᠂  ᠣᠳᠣᠬᠠᠨ  ᠪᠤᠯᠳᠠᠯ᠎ᠠ ᠨᠢᠭᠡᠨᠲᠡ 5 ᠲᠦᠮᠡᠨ ᠮᠦ ᠬᠠᠪᠤᠷ ᠤᠨ ᠤᠯᠠᠷᠢᠯ ᠤᠨ ᠡᠯᠡᠰᠦ ᠶᠢ ᠵᠠᠰᠠᠬᠤ ᠡᠭᠦᠷᠭᠡ ᠶᠢ ᠪᠡᠶᠡᠯᠡᠭᠦᠯᠵᠦ᠂ ᠪᠤᠭᠤᠳᠠᠢ ᠶᠢᠨ ᠰᠦᠷᠡᠯ ᠤᠨ ᠡᠯᠡᠰᠦᠨ ᠬᠠᠯᠬᠠᠪᠴᠢ᠂ ᠬᠠᠷᠭᠠᠨ᠎ᠠ᠂  ᠪᠤᠷᠭᠠᠰᠤ ᠵᠡᠷᠭᠡ ᠭᠠᠩ ᠬᠠᠭᠰᠠᠷᠠᠭᠠᠨ ᠳᠤ ᠲᠡᠰᠪᠦᠷᠢᠲᠡᠶ ᠤᠷᠭᠤᠮᠠᠯ ᠬᠤᠴᠢᠯᠭ᠎ᠠ ᠶᠢ ᠳᠡᠪᠢᠰᠬᠦ ᠪᠠᠷ ᠳᠠᠮᠵᠢᠨ᠂ ᠥᠩᠭᠡᠷᠡᠭᠡᠭᠰᠡᠨ  ᠤ ᠨᠢᠴᠡᠭᠦᠨ  ᠮᠠᠩᠬ᠎ᠠ ᠶᠢ  ᠨᠤᠭᠤᠭᠠᠨ ᠳᠡᠯᠡᠬᠡᠢ ᠪᠤᠯᠭᠠᠨ  ᠬᠤᠪᠢᠷᠠᠭᠤᠯᠤᠭᠰᠠᠨ ᠪᠠᠶᠢᠨ᠎ᠠ᠃     ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠶᠢᠨ  ᠬᠠᠮᠢᠶ᠎ᠠ ᠪᠦᠬᠦᠢ ᠬᠠᠷᠢᠭᠤᠴᠠᠯᠭᠠᠲᠠᠨ   ᠤ ᠲᠠᠨᠢᠯᠴᠠᠭᠤᠯᠤᠭᠰᠠᠨ ᠢᠶᠠᠷ  ᠲᠤᠰ ᠵᠠᠮ ᠨᠢ  ᠲᠤᠬᠠᠢ ᠶᠢᠨ ᠤᠷᠤᠨ ᠢ ᠬᠠᠰ ᠯᠤᠤ ᠡᠯᠡᠰᠦᠨ ᠨᠠᠭᠤᠷ ᠤᠨ 4A ᠲᠠᠰ ᠤᠨ ᠦᠵᠡᠮᠵᠢ ᠶᠢᠨ ᠣᠷᠣᠨ ᠂ 4 ᠵᠢᠭᠤᠯᠴᠢᠯᠠᠯ ᠤᠨ  ᠬᠤᠷᠰᠢᠶᠠᠵᠢᠯ ᠲᠠᠢ ᠬᠤᠯᠪᠤᠨ᠂ ᠤᠷᠤᠨ ᠨᠤᠲᠤᠭ ᠤᠨ ᠬᠦᠭᠵᠢᠯᠳᠡ ᠳᠤ ᠰᠢᠨ᠎ᠡ ᠠᠵᠠ ᠲᠤᠬᠢᠶᠠᠯ ᠢ ᠠᠪᠴᠢᠷᠠᠭᠰᠠᠨ ᠢᠶᠠᠷ ᠪᠠᠷᠠᠬᠤ ᠦᠭᠡᠢ᠂ ᠤᠶᠢᠷ᠎ᠠ ᠤᠷᠴᠢᠨ ᠤᠨ 30 ᠲᠦᠮᠡᠨ ᠮᠥ ᠶᠡᠷᠦᠩᠬᠡᠶᠢᠯᠡᠭᠰᠡᠨ ᠠᠮᠢ ᠠᠬᠤᠶ ᠶᠢᠨ ᠵᠢᠭᠤᠯᠴᠢᠯᠠᠯ ᠤᠨ ᠴᠢᠳᠠᠮᠵᠢᠳᠤ ᠣᠷᠣᠨ ᠢ  ᠪᠠᠶᠢᠭᠤᠯᠬᠤ ᠳᠤ  ᠨᠦᠬᠦᠴᠡᠯ ᠪᠤᠯᠤᠨ ᠪᠦᠷᠢᠯᠳᠥᠭᠰᠡᠨ ᠪᠠᠶᠢᠨ᠎ᠠ᠃ ᠡᠭᠦᠨ ᠠᠴᠠ ᠭᠠᠳᠠᠨ᠎ᠠ  ᠪᠠᠰᠠ ᠪᠥᠬᠦ ᠬᠤᠰᠢᠭᠤᠨ ᠤ  ︽ᠠᠮᠢ ᠠᠬᠤᠶ ᠂ ᠡᠨᠧᠷᠭᠢ ᠂ ᠠᠵᠤ ᠠᠬᠤᠶ︾ ᠶᠢ ᠵᠣᠬᠢᠴᠠᠭᠤᠯᠤᠨ ᠬᠥᠭᠵᠢᠭᠦᠯᠬᠦ  ᠲᠠᠢ  ᠤᠶᠠᠯᠳᠤᠭᠤᠯᠤᠨ᠂ ︽ᠵᠠᠮ ᠢᠶᠠᠷ ᠡᠯᠡᠰᠦ ᠶᠢ ᠵᠠᠰᠠᠬᠤ︾ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠡᠷᠭᠡ ᠵᠠᠭᠪᠤᠷ ᠢᠶᠠᠷ  ᠳᠠᠮᠵᠢᠭᠤᠯᠵᠤ᠂ ᠡᠯᠡᠰᠦ  ᠮᠠᠩᠬ᠎ᠠ ᠶᠢ ᠨᠣᠭᠤᠭᠠᠨ ᠪᠦᠷᠢᠳᠦ ᠪᠣᠯᠭᠠᠨ  ᠬᠤᠪᠢᠷᠠᠭᠤᠯᠵᠤ᠂  ᠮᠠᠯᠴᠢᠨ ᠲᠠᠷᠢᠶᠠᠴᠢᠨ ᠤᠨ ᠣᠷᠣᠯᠭ᠎ᠠ   ᠶᠢ ᠨᠡᠮᠡᠭᠳᠡᠭᠦᠯᠬᠦ ᠳᠤ ᠢᠳᠡᠪᠬᠢ ᠬᠦᠴᠥᠨ ᠪᠤᠯᠬᠤ ᠶᠤᠮ ᠭᠡᠪᠡ᠃     2025 ᠣᠨ ᠳᠤ  ᠮᠠᠨ ᠤ  ᠬᠤᠰᠢᠭᠤ ᠨᠢ  ᠰᠢᠨ᠎ᠡ ᠪᠠᠷ 26 ᠲᠦᠮᠡᠨ ᠮᠤ᠋ ᠡᠯᠡᠰᠥᠷᠬᠡᠭ ᠭᠠᠵᠠᠷ ᠢ ᠵᠠᠰᠠᠨ ᠨᠤᠭᠤᠭᠠᠷᠠᠭᠤᠯᠵᠤ᠂ 70 ᠲᠦᠮᠡᠨ ᠮᠤ᠋ ᠡᠯᠡᠰᠥᠷᠬᠡᠭ ᠭᠠᠵᠠᠷ ᠤᠨ ᠵᠠᠰᠠᠯᠳᠠ ᠶᠢ ᠪᠠᠬᠢᠵᠡᠭᠦᠯᠵᠥ᠂ ᠨᠤᠭᠤᠭᠠᠷᠠᠭᠤᠯᠵᠤ ᠪᠠᠶᠠᠵᠢᠬᠤ ᠶᠢ ᠵᠠᠷᠭᠡᠪᠡᠷ ᠠᠳᠬᠤᠬᠤ ᠪᠤᠯᠤᠨ᠎ᠠ  ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号