| | 114 ᠳ᠋ᠦ᠋ᠭᠡᠷ ᠤᠳᠠᠭᠠᠨ ᠤ ᠣᠯᠠᠨ ᠤᠯᠤᠰ ᠤᠨ ᠰᠤᠪᠢᠯᠠᠭᠴᠢᠳ ᠤᠨ ᠪᠠᠶᠠᠷ ᠬᠦᠷᠴᠦ ᠢᠷᠡᠬᠦ | ᠲᠠᠰᠢᠷᠠᠮ ᠢᠶᠠᠷ᠂ 5 ᠰᠠᠷ᠎ᠠ ᠶᠢᠨ 12 ᠤ ᠡᠳᠦᠷ᠂ ᠪᠥᠬᠦ ᠬᠤᠰᠢᠭᠤᠨ ᠤ ᠰᠤᠪᠢᠯᠠᠭᠴᠢᠳ ᠤᠨ ᠮᠡᠷᠭᠡᠵᠢᠯ ᠤᠨ | ᠤᠷᠤᠯᠳᠤᠭᠠᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ ᠶᠠᠪᠤᠭᠲᠠᠨ ᠂ ᠪᠥᠬᠦ ᠬᠤᠰᠢᠭᠤᠨ ᠤ | ᠡᠯ᠎ᠡ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠶᠢᠨ ᠰᠤᠪᠢᠯᠠᠭᠴᠢᠳ ᠣᠷᠣᠯᠴᠠᠵᠤ᠂ ᠲᠤᠰᠬᠠᠶ ᠮᠡᠷᠭᠡᠵᠢᠯ ᠤᠨ ᠬᠡᠪ | ᠪᠣᠯᠪᠠᠰᠤᠷᠠᠯ ᠢᠶᠠᠨ ᠭᠦᠢᠴᠡᠳ ᠢᠯᠡᠷᠡᠭᠦᠯᠦᠭᠰᠡᠨ ᠪᠠᠶᠢᠨ᠎ᠠ ᠃ | ᠲᠣᠰ ᠤᠳᠠᠭᠠᠨ ᠤ ᠤᠷᠤᠯᠳᠤᠭᠠᠨ ᠳᠤ ᠵᠢᠷᠥᠬᠡ ᠠᠭᠤᠰᠬᠢᠨ ᠤ ᠪᠠᠴᠢᠮ ᠰᠡᠷᠭᠦᠭᠡᠯᠲᠡ᠂ ᠨᠠᠮᠵᠢᠭᠤᠨ | ᠰᠤᠳᠠᠯ ᠢᠶᠠᠷ ᠡᠮ ᠶᠡᠭᠦᠯᠡᠬᠦ᠂ ᠬᠤᠳᠤᠭᠤᠳᠤᠨ ᠭᠤᠤᠷᠰᠤ ᠤᠭᠰᠠᠷᠠᠬᠤ ᠵᠡᠷᠭᠡ ᠵᠡᠷᠭᠡ ᠡᠮᠴᠢᠯᠡᠭᠡᠨ ᠤ ᠮᠡᠷᠭᠡᠵᠢᠯ ᠤᠨ | ᠲᠥᠷᠥᠯ ᠵᠦᠢᠯ ᠢ ᠲᠣᠬᠢᠷᠠᠭᠤᠯᠵᠤ᠂ ᠰᠤᠪᠢᠯᠠᠭᠴᠢᠳ ᠠᠴᠠ ᠠᠯᠬᠤᠮ ᠳᠠᠷᠠᠭ᠎ᠠ ᠲᠠᠢ ᠠᠵᠢᠯᠯᠠᠨ᠂ ᠯᠠᠪᠳᠠᠭᠤᠨ | ᠪᠤᠯᠪᠠᠰᠤᠷᠠᠩᠭᠤᠢ ᠲᠤᠰᠬᠠᠶ ᠮᠡᠷᠭᠡᠵᠢᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠭᠦᠢᠴᠡᠳ | ᠢᠯᠡᠷᠡᠭᠦᠯᠪᠡ᠃ | ᠲᠣᠰ ᠤᠳᠠᠭᠠᠨ ᠤ ᠤᠷᠤᠯᠳᠤᠭᠠᠨ ᠨᠢ ︽ᠤᠷᠤᠯᠳᠤᠭᠠᠨ ᠢᠶᠠᠷ ᠰᠤᠷᠤᠯᠴᠠᠯᠭ᠎ᠠ ᠪᠣᠯᠣᠨ ᠪᠣᠯᠪᠠᠰᠤᠷᠠᠯ ᠢ | ᠠᠬᠢᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠪᠢᠯᠠᠭᠴᠢᠳ ᠤᠨ ᠡᠩᠨᠡᠭᠡ ᠶᠢᠨ ᠲᠤᠰᠬᠠᠶ ᠮᠡᠷᠭᠡᠵᠢᠯ ᠤᠨ | ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠰᠢᠭᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ | |