| 5 ᠰᠠᠷ᠎ᠠ ᠶᠢᠨ 12 ᠤ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠡᠷᠭᠢᠯᠡᠭᠰᠡᠨ ᠪᠥᠬᠦ | ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠶᠢᠨ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠵᠢᠴᠢ ︽ | ᠰᠤᠪᠢᠯᠠᠭᠴᠢ ᠶᠢᠨ ᠪᠠᠶᠠᠷ︾ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠱᠠᠩᠨᠠᠯ ᠣᠯᠭᠤᠬᠤ ᠦᠳᠡᠰᠢᠯᠡᠭᠡ | ᠬᠤᠰᠢᠭᠤᠨ ᠤ ᠤᠯᠠᠨ ᠲᠦᠮᠡᠨ ᠤ ᠲᠣᠭᠯᠠᠯᠲᠠ ᠶᠢᠨ ᠤᠷᠠᠯᠢᠭ ᠤᠨ ᠲᠥᠪ ᠲᠤ ᠶᠠᠪᠤᠭᠳᠠᠪᠠ᠃ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ | ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠵᠧᠩ ᠱᠸᠤ ᠰᠢᠤᠸᠠᠢ ᠠᠵᠢᠯᠯᠠᠭ᠎ᠠ ᠳᠤ | ᠣᠷᠣᠯᠴᠠᠵᠠᠶ᠃ | ᠬᠤᠷᠠᠯ ᠳᠡᠭᠡᠷ᠎ᠡ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠬᠥᠬᠢᠭᠦᠯᠦᠭᠳᠡᠨ | ᠰᠠᠶᠢᠰᠢᠶᠠᠭᠳᠠᠭᠰᠠᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠳᠤ ᠪᠠᠶᠠᠷ ᠬᠦᠷᠭᠡᠪᠡ ᠃ ᠥᠷᠭᠡᠨ | ᠣᠯᠠᠨ ᠬᠥᠳᠡᠯᠮᠦᠷᠢᠴᠢᠳ ᠬᠥᠳᠡᠯᠮᠦᠷᠢ ᠶᠢᠨ ᠵᠢᠱᠢᠶᠡᠴᠢ ᠪᠠᠷ ᠳᠠᠭᠤᠷᠢᠶᠠᠯ ᠪᠣᠯᠭᠠᠵᠤ᠂ ᠬᠥᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ᠂ ᠬᠦᠳᠡᠯᠮᠥᠷᠢᠴᠢᠳ ᠤᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠣᠶᠤᠨ ᠤᠬᠠᠭᠠᠨ᠂ ᠬᠦᠴᠦ ᠬᠥᠯᠥᠰᠥ ᠪᠤᠯᠤᠨ ᠡᠷᠡᠯᠬᠡᠭᠯᠡᠨ ᠲᠡᠮᠡᠴᠡᠬᠦ ᠪᠠ ᠬᠤᠪᠢ ᠨᠡᠮᠡᠷᠢ | ᠦᠵᠡᠭᠦᠯᠬᠦ ᠵᠤᠷᠢᠭ ᠰᠠᠨᠠᠭ᠎ᠠ ᠪᠠᠷ ᠬᠥᠳᠡᠯᠮᠦᠷᠢᠴᠢᠳ ᠤᠨ ᠢᠷᠠᠭᠤ ᠠᠯᠳᠠᠷᠲᠤ ᠬᠦᠰᠡᠯ ᠵᠡᠭᠦᠳᠦ ᠶᠢ | ᠲᠡᠷᠭᠡᠯᠰᠢᠭᠦᠯᠵᠥ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠬᠥᠮᠦᠨ ᠤ ᠠᠮᠢᠳᠤᠷᠠᠯ ᠢ | ᠪᠢᠴᠢᠭᠯᠡᠬᠦ ᠶᠢ ᠬᠦᠰᠡᠨ ᠱᠠᠭᠠᠷᠳᠠᠭᠰᠠᠨ ᠪᠠᠶᠢᠨ᠎ᠠ᠃ | ᠦ᠋ ᠬᠤᠸᠠ᠂ ᠢᠦᠢ ᠵᠦᠩ ᠶᠠᠩ᠂ ᠸᠠᠩ ᠯᠸᠢ ᠵᠡᠷᠭᠡ ᠬᠥᠳᠡᠯᠮᠦᠷᠢ ᠶᠢᠨ ᠵᠢᠱᠢᠶᠡᠴᠢᠳ ᠪᠣᠯᠤᠨ ᠲᠡᠷᠢᠭᠦᠨ ᠤ | ᠠᠵᠢᠯᠲᠠᠳ ᠲᠤᠰ ᠲᠤᠰ ᠮᠡᠳᠡᠭᠦᠯᠦᠯᠲᠡ ᠬᠢᠵᠦ᠂ ᠵᠧᠩ ᠱᠸᠦ ᠰᠢᠤᠸᠠᠢ ᠵᠡᠷᠭᠡ ᠤᠳᠤᠷᠢᠳᠤᠯᠭ᠎ᠠ ᠪᠠᠰᠠ ︽ | ᠰᠤᠪᠢᠯᠠᠭᠴᠢ ᠶᠢᠨ ᠪᠠᠶᠠᠷ︾ ᠤᠨ ᠤᠷ᠎ᠠ ᠮᠡᠷᠭᠡᠵᠢᠯ ᠤᠨ ᠤᠷᠤᠯᠳᠤᠭᠠᠨ ᠤ ᠱᠠᠩᠨᠠᠯ ᠬᠦᠷᠳᠡᠭᠰᠡᠳ ᠲᠤ ᠢᠷᠠᠭᠤ | ᠠᠯᠳᠠᠷ ᠤᠨ ᠦᠨᠡᠮᠯᠡᠯ ᠤᠯᠭᠤᠪᠠ᠃ |