ᠮᠠᠨ ᠤ ᠬᠤᠰᠢᠭᠤᠨ ᠤ  ᠡᠷᠲᠡ ᠶᠢᠨ ᠲᠠᠷᠢᠶᠠᠯᠠᠭ᠎ᠠ ᠶᠢᠨ ᠠᠵᠢᠯ ᠯᠠᠪᠳᠠᠭᠤᠨ ᠪᠠᠲᠤᠳᠠᠢ  ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2025/5/13
       ᠬᠠᠪᠤᠷ ᠠᠴᠠ ᠨᠠᠰᠢ ᠮᠠᠨ ᠤ ᠬᠤᠰᠢᠭᠤᠨ ᠤ ᠡᠯ᠎ᠡ ᠭᠠᠵᠠᠷ ᠤᠨ ᠬᠢᠨ  ᠡᠷᠲᠡ ᠶᠢᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠠᠬᠢᠭᠤᠯᠵᠤ  ᠂ ᠣᠳᠣᠬᠠᠨ ᠪᠣᠯᠲᠠᠯ᠎ᠠ᠂ ᠪᠥᠬᠦ  ᠬᠤᠰᠢᠭᠤ ᠪᠠᠷ ᠢᠶᠠᠨ ᠨᠢᠭᠡᠨᠲᠡ 288.56 ᠲᠦᠮᠡᠨ ᠮᠥ ᠠᠮᠤ ᠪᠤᠳᠠᠭᠠᠨ ᠤ ᠲᠠᠷᠢᠮᠠᠯ  ᠲᠠᠷᠢᠭᠰᠠᠨ ᠪᠠᠶᠢᠨ᠎ᠠ᠃      ᠵᠢᠯ ᠤᠨ ᠡᠬᠢ ᠠᠴᠠ ᠨᠠᠰᠢ᠂  ᠮᠠᠨ ᠤ ᠬᠤᠰᠢᠭᠤ ᠲᠠᠷᠢᠮᠠᠯ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠡᠷᠳᠡᠨᠢ ᠰᠢᠰᠢ᠂ ᠨᠠᠷᠢᠮᠤ᠂ ᠰᠢᠰᠢ ᠵᠡᠷᠭᠡ ᠭᠤᠣᠯ ᠲᠠᠷᠢᠮᠠᠯ ᠤᠨ ᠲᠠᠷᠢᠬᠤ ᠲᠠᠯᠠᠪᠠᠢ   ᠶᠢ 200 ᠲᠦᠮᠡᠨ ᠮᠦ᠂ 80.77 ᠲᠦᠮᠡᠨ ᠮᠦ ᠪᠠ 5.23 ᠲᠦᠮᠡᠨ ᠮᠦ ᠳᠤ  ᠬᠦᠷᠭᠡᠵᠥ᠂ 17.7 ᠲᠦᠮᠡᠨ ᠮᠦ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠵᠤ᠂  ᠲᠠᠷᠢᠶᠠᠨ  ᠴᠢᠬᠢ ᠶᠢᠨ ᠬᠡᠷᠡᠭᠴᠡᠭᠡ ᠶᠢ ᠪᠠᠲᠤᠯᠠᠪᠠ᠃ ᠡᠭᠦᠨ ᠤ ᠬᠠᠮᠲᠤ᠂  ᠬᠠᠰ ᠯᠤᠤ ᠲᠠᠷᠢᠶᠠᠨ ᠦᠷ᠎ᠡ ᠶᠢᠨ ᠬᠢᠵᠠᠭᠠᠷᠲᠤ ᠺᠣᠮᠫᠠᠨᠢ ᠶᠢᠨ  ᠰᠤᠳᠤᠯᠤᠨ ᠨᠡᠭᠡᠭᠡᠭᠰᠡᠨ  ︿︿ᠬᠠᠰ ᠯᠤᠤ 801﹀﹀ ᠡᠷᠳᠡᠨᠢ ᠰᠢᠰᠢ ᠶᠢᠨ ᠲᠥᠷᠥᠯ  ᠵᠦᠢᠯ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ  ᠵᠦᠢᠯ ᠳᠤ ᠠᠮᠵᠢᠯᠲᠠ ᠲᠠᠢ ᠪᠠᠷ ᠰᠣᠩᠭᠤᠭᠳᠠᠵᠤ᠂ ᠪᠥᠬᠦ ᠬᠤᠰᠢᠭᠤᠨ ᠤ ᠡᠷᠳᠡᠨᠢ ᠰᠢᠰᠢ ᠳᠠᠷᠢᠬᠤ ᠳᠤ ᠴᠢᠨᠠᠷ ᠰᠠᠶᠢᠲᠠᠶ  ᠦᠷ᠎ᠡ  ᠶᠢᠨ  ᠢᠷᠡᠯᠲᠡ ᠶᠢᠨ ᠲᠤᠯᠭᠠᠭᠤᠷᠢᠯᠠᠯ ᠬᠠᠩᠭᠠᠪᠠ᠃    ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠲᠠᠷᠢᠶᠠᠨ ᠭᠠᠵᠠᠷ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠪᠡᠳᠴᠢᠨ  ᠭᠡᠮ ᠬᠤᠷᠣᠬᠠᠶ ᠰᠢᠪᠡᠵᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠪᠠ ᠮᠡᠷᠭᠡᠵᠢᠯ ᠤᠨ ᠵᠢᠯᠣᠭᠤᠳᠣᠯᠭ᠎ᠠ ᠶᠢ   ᠪᠠᠨ ᠰᠠᠶᠢᠲᠤᠷ ᠬᠢᠵᠦ᠂ ᠲᠠᠷᠢᠶᠠᠨ ᠴᠢᠬᠢ ᠶᠢᠨ ᠡᠳᠡᠭᠡᠷᠡᠯᠳᠡ ᠶᠢᠨ ᠨᠤᠷᠮ᠎ᠠ ᠶᠢ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ  ᠪᠠᠬᠢᠵᠡᠭᠦᠯᠵᠥ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号