| | 5 ᠰᠠᠷ᠎ᠠ ᠶᠢᠨ 15 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠮᠥᠩᠬᠡ ᠪᠥᠬᠦ ᠬᠤᠰᠢᠭᠤᠨ ᠤ | ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠬᠡᠷᠡᠭ ᠢ ᠵᠠᠳᠠᠯᠤᠨ ᠰᠤᠳᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ | ᠂ ᠰᠦᠨ ᠮᠢᠩ ᠲᠤᠤ᠂ ᠵᠦ ᠴᠦᠨ ᠶᠦᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ | ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠬᠠᠮᠠᠭᠠᠯᠠᠯᠲᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠡᠭᠦᠷᠭᠡ | ᠬᠠᠷᠠᠯᠲᠠ ᠪᠠᠨ ᠲᠣᠳᠣᠷᠬᠠᠶᠢᠯᠠᠨ᠂ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠰᠦᠢᠳᠬᠡᠭᠰᠡᠨ ᠬᠡᠷᠡᠭ ᠢ ᠪᠠᠶᠢᠴᠠᠭᠠᠨ | ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠡᠢ᠃ | | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠨ᠂ ᠬᠡᠷᠡᠭ ᠢ | ᠢᠯᠡᠷᠡᠭᠦᠯᠦᠨ ᠰᠢᠢᠳᠪᠦᠷᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠢ ᠰᠢᠭᠤᠢ ᠡᠪᠡᠰᠦ ᠪᠡᠯᠴᠢᠭᠡᠷ ᠢ | ᠰᠦᠢᠳᠭᠡᠭᠰᠡᠨ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ | ᠬᠡᠷᠡᠭᠲᠡᠢ᠃ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠠᠵᠢᠯ ᠢ ᠲᠦᠷᠭᠡᠨ ᠪᠡᠶᠡᠯᠡᠭᠦᠯᠦᠨ᠂ ᠴᠠᠭ ᠲᠣᠬᠢᠶᠠᠯ ᠢ ᠠᠮᠵᠢᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠮᠢ | ᠠᠬᠤᠶ ᠶᠢᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠬᠤ ᠬᠡᠷᠡᠭᠲᠡᠶ ᠭᠡᠵᠡᠢ᠃ | |