| 5 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠠᠷᠪᠠᠨ | ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 149 ᠳ᠋ᠤᠭᠡᠷ ᠤᠳᠠᠭᠠᠨ ᠤ ᠪᠠᠶᠢᠩᠭᠤ ᠶᠢᠨ | ᠬᠤᠷᠢᠶᠠᠨ ᠤ ᠦᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ ᠃ ᠮᠠ ᠶᠦᠩ ᠭᠠᠩ᠂ ᠰᠦᠨ ᠮᠢᠩ ᠲᠤᠤ᠂ | ᠾᠧᠦ ᠭᠦᠸᠧ ᠵᠢᠩ᠂ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠯᠢ ᠶᠠ ᠵᠢᠶᠦ᠋ᠨ᠂ ᠬᠤ᠋ ᠹᠧᠩ ᠶᠠᠨ᠂ ᠭᠧᠩ | ᠸᠧᠢ ᠳ᠋ᠦᠩ᠂ ᠵᠦ ᠴᠦᠨ ᠶᠦᠩ᠂ ᠸᠠᠩ ᠶᠢᠩ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠢ ᠲᠢᠩ ᠨᠠᠷ ᠬᠤᠷᠠᠯ ᠳᠤ | ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ ᠬᠤᠷᠠᠯ ᠠᠴᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠡᠭᠡᠯᠵᠢ ᠶᠢᠨ | ᠱᠠᠭᠠᠷᠳᠠᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ ᠃ ᠪᠦᠬᠦ ᠬᠤᠰᠢᠭᠤᠨ ᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠠᠬᠢᠴᠠ ᠶᠢᠨ | ᠪᠠᠶᠢᠳᠠᠯ ᠪᠠ ᠪᠥᠬᠦ ᠬᠤᠰᠢᠭᠤᠨ ᠤ 2025 ᠣᠨ ᠤ ︽ᠭᠤᠷᠪᠠ ᠶᠢ ᠪᠠᠲᠤᠯᠠᠬᠤ︾ ᠠᠵᠢᠯ ᠢ ᠥᠷᠨᠢᠭᠦᠯᠦᠭᠰᠡᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ | ᠳᠤᠭᠤᠰᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠨ᠂ ᠣᠩᠨᠢᠭᠤᠳ ᠬᠤᠰᠢᠭᠤᠨ ᠤ | ᠬᠥᠭᠵᠢᠯᠲᠡ ᠶᠢ ᠪᠥᠬᠦ ᠬᠤᠲᠠ᠂ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠶᠡᠭᠡ ᠲᠠᠯ᠎ᠠ ᠳᠤ ᠲᠠᠯᠪᠢᠵᠤ᠂ | ᠡᠬᠢ ᠪᠠᠶᠠᠯᠢᠭ ᠤᠨ ᠳᠠᠪᠠᠭᠤᠯᠢᠭ ᠪᠠ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ | ᠤᠬᠠᠭᠠᠨᠴᠢ ᠪᠠᠷ ᠲᠦᠯᠥᠪᠵᠢᠭᠦᠯᠬᠦ ᠬᠡᠷᠡᠭᠲᠡᠶ ᠭᠡᠵᠡᠢ᠃ | ᠬᠤᠷᠠᠯ ᠠᠴᠠ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠶᠢ ᠣᠷᠳᠣ ᠬᠤᠭᠤᠴᠠᠭᠠᠨ ᠤ ᠡᠭᠦᠷᠭᠡ | ᠪᠤᠯᠭᠠᠨ ᠪᠣᠳᠠᠲᠠᠶ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ᠂ | ᠦᠢᠯᠡᠴᠢᠯᠡᠭᠡᠨ ᠤ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠡᠨᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠶ ᠭᠡᠵᠡᠢ᠃ | ᠬᠤᠷᠠᠯ ᠠᠴᠠ᠂ ︽ᠭᠤᠷᠪᠠ ᠶᠢ ᠪᠠᠲᠤᠯᠠᠬᠤ︾ ᠠᠵᠢᠯ ᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠵᠤ᠂ | ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠤᠯᠠᠨ ᠲᠦᠮᠡᠨ ᠤ ᠪᠠᠴᠢᠮ ᠲᠤᠯᠭᠠᠮ | ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠰᠤᠷᠭᠠᠨ | ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠬᠢ ᠬᠦᠷᠲᠡᠮᠵᠢ ᠶᠢᠨ | ᠲᠦᠷᠦᠭᠳᠡᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠭᠡᠵᠡᠢ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠪᠠᠶᠢᠷᠢᠯᠠᠭᠤᠯᠪᠠ᠃ |