ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/16
       5 ᠰᠠᠷ᠎ᠠ ᠶᠢᠨ 14 ᠤ ᠡᠳᠦᠷ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠰᠤᠳᠤᠯᠤᠨ ᠵᠠᠳᠠᠯᠵᠤ᠂ ᠠᠵᠤ ᠠᠬᠤᠶ ᠶᠢᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ ᠵᠦᠢᠯ᠂ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠬᠤᠷᠠᠯ ᠢ  ᠡᠷᠬᠢᠯᠡᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ ᠵᠡᠷᠭᠡ ᠤᠳᠤᠷᠢᠳᠤᠯᠭ᠎ᠠ ᠬᠤᠷᠠᠯ ᠳᠤ  ᠤᠷᠤᠯᠴᠠᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ  ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠲᠠᠢ ᠨᠢᠭᠲᠠ ᠵᠣᠯᠭᠠᠭᠤᠯᠵᠤ᠂  ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ᠂ ᠦᠢᠯᠡᠳᠪᠦᠷᠢᠯᠡᠯ ᠢᠶᠠᠨ ᠥᠷᠭᠡᠳᠬᠡᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠤᠨ ᠥᠷᠢᠰᠥᠯᠳᠦᠬᠦ ᠬᠦᠴᠦᠨ  ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶ ᠶᠢᠨ ᠠᠵᠢᠯᠯᠠᠭᠠᠨ ᠢ ᠴᠢᠩᠭ᠎ᠠ ᠠᠳᠬᠤᠵᠤ᠂ ᠪᠥᠬᠦ ᠶᠠᠪᠤᠴᠠ ᠶᠢᠨ ᠬᠥᠳᠡᠯᠦᠩᠭᠦᠶ ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ  ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ  ᠪᠠᠬᠢᠵᠡᠭᠦᠯᠵᠥ᠂  ᠬᠦᠮᠥᠷᠭᠡᠯᠡᠵᠥ ᠪᠠᠶᠢᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ᠂ ᠪᠡᠯᠡ ᠮᠥᠩᠭᠦ ᠤᠯᠬᠤ᠂ ᠳᠡᠭᠡᠳᠦ ᠱᠠᠳᠤ ᠲᠠᠢ ᠵᠣᠯᠭᠠᠭᠤᠯᠬᠤ᠂ ᠡᠯᠧᠮᠧᠨ᠋ᠲ ᠤᠨ ᠪᠠᠲᠤᠯᠠᠭ᠎ᠠ᠂ ᠲᠦᠷᠦᠯ ᠵᠦᠢᠯ ᠤᠨ ᠠᠵᠢᠯ ᠡᠬᠢᠯᠡᠭᠦᠯᠬᠦ᠂  ᠲᠦᠷᠥᠯ ᠵᠦᠢᠯ ᠢ ᠬᠦᠮᠥᠷᠭᠡᠯᠡᠨ ᠨᠢᠭᠡᠳᠦᠯᠲᠡᠢ ᠪᠦᠷᠢᠳᠭᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂  ᠡᠷᠴᠢᠨ ᠳᠡᠭᠡᠷ᠎ᠡ ᠨᠢ ᠠᠷᠠᠯᠵᠢᠶᠠᠴᠢᠨ ᠤᠷᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃       ᠬᠤᠷᠠᠯ ᠠᠴᠠ᠂ ᠠᠶᠤᠯᠭᠦᠢ ᠦᠢᠯᠡᠳᠪᠦᠷᠢᠯᠡᠯ  ᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠥᠮᠦᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠢᠨᠵᠧᠨᠧᠷᠢᠩ ᠢᠶᠠᠷ ᠰᠡᠷᠭᠡᠶᠢᠯᠡᠬᠦ᠂ ᠬᠠᠮᠢᠶᠠᠷᠤᠯᠲᠠ ᠪᠠᠷ ᠰᠡᠷᠭᠡᠶᠢᠯᠡᠬᠦ︾ ᠴᠢᠳᠠᠪᠤᠷᠢ ᠶᠢ  ᠦᠷᠭᠦᠯᠵᠢᠯᠡᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠲᠥᠪ ᠤᠨ ᠨᠠᠢᠮᠠᠨ  ᠵᠤᠷᠪᠤᠰ ᠲᠣᠭᠲᠠᠭᠠᠯ ᠵᠢᠴᠢ  ᠲᠡᠭᠦᠨ ᠤ  ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠪᠠ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠲᠤᠳᠤ ᠡᠷᠬᠡ ᠶᠢᠨ ᠦᠵᠡᠯᠲᠡ᠂ ᠠᠵᠢᠯ ᠤᠨ ᠬᠢᠷᠢ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠬᠡᠷᠡᠭᠲᠡᠶ  ᠭᠡᠵᠡᠢ᠃      ᠬᠤᠷᠠᠯ ᠠᠴᠠ ᠪᠠᠰᠠ ᠵᠠᠬᠢᠳᠠᠯ  ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠪᠡᠯᠡᠳᠬᠡᠬᠦ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号