ᠮᠠᠨ ᠤ ᠬᠤᠰᠢᠭᠤᠨ ᠤ ᠬᠤᠶᠠᠷ ᠵᠠᠭᠤᠨ ᠲᠦᠮᠡᠨ ᠮᠤ᠋ ᠦᠬᠡᠷ ᠬᠠᠷᠭᠠᠨ᠎ᠠ ᠠᠮᠢ ᠠᠬᠤᠢ ᠶᠢᠨ ᠬᠠᠯᠬᠠᠪᠴᠢ ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/19
      ᠵᠣᠨ ᠤ ᠡᠬᠢᠨ  ᠪᠤᠯᠵᠤ ᠬᠤᠷ᠎ᠠ ᠤᠰᠤ ᠳᠡᠭᠰᠢᠷᠡᠬᠦ ᠪᠠᠷ᠂ ᠮᠠᠨ ᠤ ᠬᠤᠰᠢᠭᠤᠨ ᠤ ᠬᠤᠶᠠᠷ ᠵᠠᠭᠤᠨ ᠲᠦᠮᠡᠨ ᠮᠥ ᠦᠬᠡᠷ ᠬᠠᠷᠭᠠᠨ᠎ᠠ  ᠦᠩᠭᠡ ᠢᠯᠭᠠᠷᠠᠨ ᠳᠡᠯᠭᠡᠷᠡᠵᠦ᠂  ᠪᠦᠬᠦ ᠬᠤᠰᠢᠭᠤᠨ ᠤ ᠡᠯᠡᠰᠥᠷᠬᠡᠭ ᠤᠷᠤᠨ  ᠢ ᠴᠡᠴᠡᠭ ᠤᠨ ᠲᠡᠯᠡᠶ  ᠪᠤᠯᠭᠠᠨ ᠭᠤᠶᠤᠯᠠᠭᠰᠠᠨ ᠪᠠᠶᠢᠨ᠎ᠠ᠃ ᠭᠠᠩ  ᠬᠠᠭᠤᠷᠠᠢ ᠬᠦᠢᠲᠡᠨ ᠲᠠᠴᠢᠷ  ᠲᠤ ᠲᠡᠰᠪᠦᠷᠢᠲᠡᠢ ᠡᠨᠡ ᠬᠦ  ᠦᠷᠡᠯᠡᠳᠡᠭ  ᠪᠤᠲᠠᠯᠢᠭ ᠮᠤᠳᠤ ᠨᠢ ᠡᠯᠡᠰᠦ ᠶᠢ ᠲᠣᠭᠲᠠᠪᠤᠷᠢᠵᠢᠭᠤᠯᠬᠤ  ᠭᠤᠤᠯᠯᠠᠬᠤ ᠤᠷᠭᠤᠮᠠᠯ ᠪᠣᠯᠤᠭᠰᠠᠨ ᠪᠠᠶᠢᠨ᠎ᠠ᠃      ᠮᠠᠨ ᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠪᠠᠷᠠᠭᠤᠨ ᠵᠠᠬ᠎ᠠ ᠳᠤ ᠪᠠᠶᠢᠷᠢᠯᠠᠵᠤ᠂ ᠤᠯᠠᠭᠠᠨᠬᠠᠳᠠ ᠬᠤᠲᠠ ᠶᠢᠨ ᠬᠢᠯᠢ ᠳᠣᠲᠣᠷᠠᠬᠢ ᠵᠠᠰᠠᠬᠤ ᠳᠤ ᠬᠠᠮᠤᠭ ᠤᠨ ᠬᠦᠴᠢᠷᠲᠡᠶ ᠡᠯᠡᠰᠦᠷᠬᠡᠭᠵᠢᠭᠰᠡᠨ ᠭᠠᠵᠠᠷ ᠣᠷᠣᠨ   ᠤ ᠨᠢᠭᠡ  ᠪᠠᠶᠢᠭᠰᠠᠨ ᠶᠤᠮ᠃ ᠡᠯᠡᠰᠦ ᠵᠠᠰᠠᠬᠤ  ᠣᠯᠠᠨ ᠤᠷᠭᠤᠮᠠᠯ ᠤᠨ ᠳᠣᠲᠣᠷ᠎ᠠ᠂ ᠦᠬᠡᠷ ᠬᠠᠷᠭᠠᠨ᠎ᠠ ᠨᠢ ᠡᠯᠡᠰᠦ ᠶᠢ ᠲᠣᠭᠲᠠᠪᠤᠷᠢᠵᠢᠭᠤᠯᠬᠤ ᠬᠦᠴᠦᠷᠬᠡᠭ  ᠶᠡᠭᠡ ᠠᠮᠢᠵᠢᠷᠠᠯ ᠤᠨ ᠬᠦᠴᠥᠨ ᠢᠶᠠᠷ ᠢᠶᠠᠨ  ᠢᠯᠭᠠᠷᠠᠨ᠂ 4 ᠮᠧᠲᠷ  ᠭᠦᠨ  ᠬᠠᠳᠬᠤᠨ  ᠦᠨᠳᠥᠰᠥᠯᠡᠵᠥ᠂  ᠡᠯᠡᠰᠦ ᠰᠢᠷᠥᠢ ᠶᠢ ᠲᠣᠭᠲᠠᠪᠤᠷᠢᠵᠢᠭᠤᠯᠬᠤ  ᠳᠤᠮᠤ ᠶᠡᠭᠡ ᠲᠤᠤᠷᠵᠢᠯ ᠢ  ᠪᠦᠷᠢᠯᠳᠥᠭᠦᠯᠳᠡᠭ᠃      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢ ᠰᠢᠰᠲ᠋ᠧᠮᠵᠢᠭᠤᠯᠤᠨ ᠥᠷᠨᠢᠭᠦᠯᠵᠦ᠂ ︽ᠨᠢᠰᠬᠡᠯ ᠢᠶᠠᠷ ᠲᠠᠷᠢᠬᠤ᠂ ᠪᠢᠲᠡᠭᠦᠮᠵᠢᠯᠡᠬᠦ ᠂ᠤᠶᠢᠵᠢᠭᠤᠯᠬᠤ︾ ᠶᠢ ᠨᠢᠭᠡ ᠴᠤᠭᠴᠠᠵᠢᠭᠤᠯᠤᠨ ᠵᠠᠰᠠᠬᠤ ᠵᠠᠭᠪᠤᠷ ᠢ ᠬᠡᠷᠡᠭᠯᠡᠨ᠂ ᠢᠨᠵᠧᠨᠧᠷᠢᠩ  ᠢᠶᠠᠷ ᠡᠯᠡᠰᠦ ᠶᠢ ᠲᠣᠭᠲᠠᠪᠤᠷᠢᠵᠢᠭᠤᠯᠬᠤ ᠪᠠ  ᠤᠷᠭᠤᠮᠠᠯ ᠤᠨ ᠬᠠᠮᠠᠭᠠᠯᠠᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢᠨ ᠬᠠᠮᠲᠤ  ᠲᠤᠳᠤᠷᠭᠠᠨ ᠰᠦᠷᠡᠯ  ᠰᠢᠷ᠎ᠠ ᠬᠠᠷᠠᠭᠠᠨ᠎ᠠ ᠵᠡᠷᠭᠡ  ᠶᠢ ᠠᠰᠢᠭᠯᠠᠨ ᠬᠠᠯᠬᠠᠪᠴᠢ ᠲᠤᠤᠷᠯᠠᠵᠤ  ᠂ ᠰᠢᠨᠵᠢᠯᠡᠬᠦ ᠤᠬᠠᠭᠠᠨᠴᠢ ᠪᠠᠷ ᠦᠬᠡᠷ ᠬᠠᠷᠭᠠᠨ᠎ᠠ ᠶᠢᠨ ᠴᠢᠬᠢ ᠮᠣᠳᠣ ᠶᠢ ᠳᠠᠷᠢᠵᠤ᠂ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ 85% ᠠᠴᠠ ᠳᠡᠭᠡᠭᠰᠢ  ᠬᠦᠷᠲᠡᠯ᠎ᠡ  ᠪᠠᠲᠤᠯᠠᠵᠤ᠂  ᠰᠠᠯᠬᠢ ᠶᠢ  ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ  ᠭᠤᠤᠯᠯᠠᠬᠤ ᠬᠠᠯᠬᠠᠪᠴᠢ ᠶᠢ ᠪᠣᠶ ᠪᠣᠯᠭᠠᠪᠠ᠃      ᠣᠳᠣᠬᠠᠨ ᠳᠤ᠂ ᠮᠠᠨ ᠤ ᠬᠤᠰᠢᠭᠤᠨ ᠤ ᠦᠬᠡᠷ ᠬᠠᠷᠭᠠᠨ᠎ᠠ ᠳᠠᠷᠢᠬᠤ ᠲᠠᠯᠠᠪᠠᠶ 215 ᠲᠦᠮᠡᠨ ᠮᠥ ᠳᠤ ᠬᠦᠷᠴᠦ᠂ ᠬᠡᠳᠦᠨ ᠵᠠᠭᠤᠨ  ᠺᠢᠯᠤᠮᠧᠲᠷ ᠦᠷᠭᠦᠯᠵᠢᠯᠡᠭᠰᠡᠨ  ᠠᠮᠢ ᠠᠬᠤᠶ ᠶᠢᠨ ᠬᠠᠯᠬᠠᠪᠴᠢ ᠶᠢ  ᠪᠦᠷᠢᠯᠳᠥᠭᠦᠯᠪᠡ᠃   ᠮᠠᠨ ᠤ ᠬᠤᠰᠢᠭᠤ ᠨᠢ ᠦᠬᠡᠷ ᠬᠠᠷᠭᠠᠨ᠎ᠠ   ᠠᠴᠠ  ᠮᠠᠰᠢ  ᠰᠠᠶᠢᠨ ᠠᠮᠢ ᠠᠬᠤᠢ ᠶᠢᠨ ᠦᠷ᠎ᠡ ᠠᠰᠢᠭ ᠤᠯᠤᠭᠰᠠᠨ  ᠢᠶᠠᠷ ᠪᠠᠷᠠᠬᠤ ᠦᠭᠡᠢ ᠪᠠᠰᠠ ᠠᠵᠤ ᠠᠬᠤᠢ ᠶᠢᠨ ᠦᠷ᠎ᠡ ᠠᠰᠢᠭ   ᠤᠯᠬᠤ ᠪᠠᠷ ᠢᠳᠡᠪᠬᠢᠳᠡᠢ ᠠᠷᠭ᠎ᠠ ᠬᠡᠮᠵᠢᠶ᠎ᠡ ᠠᠪᠴᠤ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号