ᠮᠠᠨ  ᠤ  ᠬᠤᠰᠢᠭᠤ  ᠪᠤᠮᠡᠨ  ᠮᠦᠩᠭᠦᠨ ᠡᠯᠡᠰᠦᠨ ᠵᠢᠭᠤᠯᠴᠢᠯᠠᠯ ᠰᠡᠯᠡᠭᠦᠴᠡᠯ ᠤᠨ ᠣᠷᠣᠨ ᠤ ᠲᠥᠷᠥᠯ ᠵᠦᠢᠯ  ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/19
    5 ᠰᠠᠷ᠎ᠠ ᠶᠢᠨ 16 ᠤ ᠡᠳᠦᠷ᠂ ᠮᠠᠨ ᠤ ᠬᠤᠰᠢᠭᠤ ᠪᠤᠮᠡᠨ  ᠮᠦᠩᠭᠦᠨ  ᠡᠯᠡᠰᠥ· ᠡᠯᠡᠰᠥ ᠮᠠᠩᠬᠠᠨ  ᠵᠢᠭᠤᠯᠴᠢᠯᠠᠯ  ᠰᠡᠯᠡᠭᠦᠴᠡᠯ ᠤᠨ ᠣᠷᠣᠨ ᠤ ᠲᠥᠷᠥᠯ ᠵᠦᠢᠯ ᠤᠨ ᠶᠠᠷᠢᠯᠴᠠᠬᠤ ᠬᠤᠷᠠᠯ  ᠬᠤᠷᠠᠯᠳᠤᠪᠠ᠃ ᠬᠤᠰᠢᠭᠤᠨ ᠤ ᠨᠠᠮ ᠤᠨ  ᠬᠤᠷᠢᠶᠠᠨ ᠤ ᠱᠦᠵᠢ ᠮᠥᠩᠬᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠦ ᠴᠦᠨ ᠶᠦᠩ᠂ ᠬᠤᠰᠢᠭᠤᠨ  ᠳᠡᠳ᠋ ᠬᠤᠰᠢᠭᠤᠨ ᠳᠠᠷᠤᠭ᠎ᠠ  ᠳᠤᠪᠳᠤᠨᠰᠡᠩᠭᠡ᠂ ᠰᠠᠨ ᠵᠢᠶᠠᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ ᠸᠧᠩ ᠡᠤ ᠴᠢᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠮᠦᠩᠭᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠰᠠᠨ ᠵᠢᠶᠠᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠵᠤ ᠠᠬᠤᠶᠢᠯᠠᠯ ᠤᠨ ᠬᠢᠨ ᠲᠤᠰᠬᠠᠢ ᠮᠡᠷᠭᠡᠵᠢᠯ᠂ ᠪᠡᠯᠡ ᠮᠥᠩᠭᠦ ᠪᠣᠯᠤᠨ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂  ᠪᠤᠮᠡᠨ  ᠮᠦᠩᠭᠦᠨ ᠡᠯᠡᠰᠦᠨ ᠤ ᠥᠪᠡᠷᠮᠢᠴᠡ ᠪᠠᠶᠢᠭᠠᠯᠢ ᠶᠢᠨ ᠦᠵᠡᠮᠵᠢ ᠪᠣᠯᠤᠨ ᠡᠯᠪᠡᠭ ᠪᠠᠶᠠᠯᠢᠭ ᠬᠠᠰ ᠯᠤᠤ ᠶᠢᠨ ᠰᠣᠶᠣᠯ ᠤᠨ ᠡᠯᠧᠮᠧᠨ᠋ᠲ ᠢ ᠭᠦᠨᠵᠡᠭᠡᠢ ᠠᠭᠤᠰᠤᠯᠴᠠᠭᠤᠯᠵᠤ᠂ ︽ᠢᠳᠡᠵᠦ ᠤᠤᠭᠤᠬᠤ ᠶᠠᠪᠤᠵᠤ ᠰᠠᠭᠤᠬᠤ  ᠵᠤᠭᠠᠴᠠᠬᠤ  ᠠᠷᠠᠯᠵᠢᠬᠤ ᠵᠤᠭ᠎ᠠ ᠴᠡᠩᠭᠡᠯ︾ ᠢ ᠨᠢᠭᠡ ᠴᠤᠬᠴᠠᠵᠢᠭᠤᠯᠤᠬᠰᠠᠨ ᠡᠯᠡᠰᠦᠨ ᠴᠦᠯ ᠤᠨ ᠭᠤᠣᠯ ᠰᠡᠳᠦᠪᠲᠦ  ᠰᠡᠯᠡᠭᠦᠴᠡᠯ ᠤᠨ ᠣᠷᠣᠨ ᠢ ᠪᠠᠶᠢᠭᠤᠯᠵᠤ᠂  ᠬᠠᠰ ᠯᠤᠤ  ᠨᠠᠭᠤᠷ ᠪᠦᠷᠢᠳᠥᠳᠥ ᠦᠵᠡᠮᠵᠢ ᠶᠢᠨ ᠣᠷᠣᠨ ᠲᠠᠢ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠵᠤᠭᠠᠴᠠᠭᠰᠠᠳ ᠲᠤ ᠨᠡᠩ ᠡᠯᠪᠡᠭ ᠪᠠᠶᠠᠯᠢᠭ ᠵᠤᠭᠠᠴᠠᠯ ᠤᠨ  ᠵᠦᠢᠯᠡᠰ ᠬᠠᠩᠭᠠᠬᠤ ᠶᠢ ᠬᠦᠰᠡᠪᠡ᠃    ᠮᠥᠩᠬᠡ  ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠢᠷᠤᠮᠵᠢᠯ ᠵᠡᠷᠭᠡ ᠲᠠᠯ᠎ᠠ ᠪᠠᠷ ᠪᠥᠬᠦ ᠬᠦᠴᠦᠨ ᠢᠶᠠᠷ ᠢᠶᠠᠨ ᠳᠡᠮᠵᠢᠯᠭᠡ ᠦᠵᠡᠭᠦᠯᠵᠦ᠂ ᠲᠥᠷᠥᠯ ᠵᠦᠢᠯ ᠢ ᠴᠢᠨᠠᠷ ᠰᠠᠶᠢᠲᠠᠶ ᠠᠬᠢᠭᠤᠯᠬᠤ ᠶᠢ ᠦᠨᠡᠨ ᠬᠦ ᠪᠠᠲᠤᠯᠠᠵᠤ᠂ ᠵᠠᠰᠠᠭ ᠤᠨ ᠣᠷᠳᠣᠨ᠂ ᠣᠯᠠᠨ ᠲᠦᠮᠡᠨ᠂ ᠪᠠᠯᠠ ᠣᠷᠣᠭᠤᠯᠤᠭᠴᠢ᠂ ᠬᠡᠷᠡᠭᠯᠡᠭᠴᠢᠳ ᠪᠠ ᠠᠮᠢ ᠠᠬᠤᠶ ᠣᠷᠴᠢᠨ ᠲᠣᠭᠤᠷᠢᠨ ᠣᠯᠠᠨ ᠲᠠᠯ᠎ᠠ ᠪᠠᠷ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠣᠩᠨᠢᠭᠤᠳ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠡᠶ᠃    ᠬᠤᠷᠠᠯ ᠳᠤ ᠣᠷᠣᠯᠴᠠᠭᠰᠠᠳ ᠪᠠᠰᠠ ᠲᠥᠷᠥᠯ ᠵᠦᠢᠯ ᠤᠨ ᠪᠠᠯᠠ ᠣᠷᠣᠭᠤᠯᠤᠯᠲᠠ᠂ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ ᠵᠡᠷᠭᠡ ᠪᠣᠳᠠᠲᠠᠶ ᠠᠵᠢᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号