| | 5 ᠰᠠᠷ᠎ᠠ ᠶᠢᠨ 17 ᠤ ᠡᠳᠦᠷ᠂ ᠮᠠᠨ ᠤ ᠬᠤᠰᠢᠭᠤᠨ ᠤ ᠲᠠᠪᠤᠳᠤᠭᠠᠷ ᠬᠤᠭᠤᠴᠠᠭᠠᠨ ᠤ ᠯᠤᠤ ᠭᠠᠷᠤᠳᠢ ᠶᠢᠨ | ᠦᠯᠵᠡᠶᠢᠳᠥ ᠨᠤᠲᠤᠭ ᠤᠩᠨᠢᠭᠤᠳ ᠬᠤᠰᠢᠭᠤᠨ ᠤ ᠰᠡᠨᠳᠡᠩ ᠮᠤᠳᠤᠨ ᠴᠡᠴᠡᠭ ᠤᠨ ᠰᠣᠶᠣᠯ ᠵᠢᠭᠤᠯᠴᠢᠯᠠᠯ | ᠤᠨ ᠨᠠᠶᠢᠷ ᠪᠤᠷᠤᠬᠤᠲᠠ ᠪᠠᠯᠭᠠᠰᠤ ᠶᠢᠨ ᠰᠠᠴᠢᠨᠳᠠᠯᠠ ᠭᠠᠴᠠᠭᠠᠨ ᠳᠠᠬᠢ ᠳᠡᠯᠡᠬᠡᠢ ᠳᠡᠭᠡᠷ᠎ᠡ ᠬᠠᠮᠤᠭ ᠶᠡᠭᠡ ᠲᠠᠯᠠᠪᠠᠢ | ᠲᠠᠢ ᠰᠡᠨᠳᠡᠩ ᠮᠤᠳᠤᠨ ᠰᠠᠭᠤᠷᠢᠨ ᠭᠠᠵᠠᠷ ᠲᠤ ᠦᠪᠡᠳᠡᠭᠰᠢ ᠶᠡᠭᠡ ᠪᠠᠷ ᠡᠬᠢᠯᠡᠪᠡ ᠃ | ︽ᠭᠠᠷᠠᠭ ᠤᠨ ᠰᠡᠭᠦᠯᠴᠢ ᠪᠠᠷ ᠤᠯᠠᠭᠠᠨᠬᠠᠳᠠ ᠳᠤ ᠵᠤᠭᠠᠴᠠᠶ᠎ᠠ︾ ᠭᠡᠬᠦ ᠬᠠᠮᠲᠤ ᠶᠢᠨ ᠪᠥᠵᠢᠭ ᠢᠶᠠᠷ | ᠭᠤᠷᠪᠠᠨ ᠡᠳᠦᠷ ᠤᠨ ᠠᠵᠢᠯᠯᠠᠭᠠᠨ ᠤ ᠡᠬᠢᠯᠡᠯᠳᠡ ᠶᠢᠨ ᠬᠦᠰᠢᠭᠡ ᠶᠢ ᠰᠡᠬᠦᠵᠥ ᠂ ᠣᠩᠨᠢᠭᠤᠳ ᠬᠤᠰᠢᠭᠤᠨ ᠤ ︽ | ᠰᠣᠶᠣᠯ ᠵᠢᠭᠤᠯᠴᠢᠯᠠᠯ ᠪᠡᠶ᠎ᠡ ᠲᠠᠮᠢᠷ ᠲᠠᠷᠢᠶᠠᠯᠠᠩ ᠠᠷᠠᠯᠵᠢᠶ᠎ᠠ︾ ᠶᠢᠨ ᠠᠵᠢᠯ ᠲᠥᠷᠥᠯ ᠤᠨ 5 ᠨᠡᠷ᠎ᠡ | ᠲᠥᠯᠥᠭᠡᠯᠡᠭᠴᠢ ᠲᠣᠰ ᠤᠳᠠᠭᠠᠨ ᠤ ᠰᠡᠨᠳᠡᠩ ᠮᠤᠳᠤᠨ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠢ | ᠡᠬᠢᠯᠡᠭᠦᠯᠪᠡ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠰᠡᠨᠳᠡᠩ ᠮᠤᠳᠤᠨ ᠴᠡᠴᠡᠭ ᠤᠨ ᠰᠣᠶᠣᠯ ᠵᠢᠭᠤᠯᠴᠢᠯᠠᠯ | ᠤᠨ ᠨᠠᠶᠢᠷ ᠳᠤ 16 ᠵᠦᠢᠯ ᠤᠨ ᠣᠨᠴᠠᠯᠢᠭᠲᠤ ᠠᠵᠢᠯᠯᠠᠭ᠎ᠠ ᠶᠢ ᠨᠠᠷᠢᠨ ᠨᠢᠮᠪᠠᠶ ᠲᠥᠰᠦᠪᠯᠡᠨ ᠭᠠᠷᠭᠠᠵᠤ᠂ ᠰᠣᠶᠣᠯ᠂ | ᠵᠢᠭᠤᠯᠴᠢᠯᠠᠯ᠂ ᠪᠡᠶ᠎ᠡ ᠲᠠᠮᠢᠷ᠂ ᠲᠠᠷᠢᠶᠠᠯᠠᠩ ᠵᠡᠷᠭᠡ ᠣᠯᠠᠨ ᠬᠦᠷᠢᠶ᠎ᠡ ᠶᠢ ᠬᠠᠮᠤᠷᠠᠭᠰᠠᠨ ᠪᠠᠶᠢᠨ᠎ᠠ᠃ ᠰᠡᠨᠳᠡᠩ | ᠮᠤᠳᠤᠨ ᠴᠡᠴᠡᠭ ᠢ ᠰᠤᠨᠢᠷᠬᠠᠬᠤ ᠂ ᠰᠦᠯᠵᠢᠶᠡᠨ ᠤᠳᠤᠳ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠵᠠᠬᠢᠶᠠᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠵᠡᠷᠭᠡ ᠵᠡᠷᠭᠡ | ᠤᠯᠠᠨ ᠠᠵᠢᠯᠯᠠᠭ᠎ᠠ ᠪᠠᠷ ᠳᠠᠮᠵᠢᠭᠤᠯᠤᠨ ᠣᠩᠨᠢᠭᠤᠳ ᠬᠤᠰᠢᠭᠤᠨ ᠤ ᠠᠮᠢ ᠠᠬᠤᠢ ᠶᠢᠨ ᠵᠠᠰᠠᠯᠲᠠ ᠶᠢᠨ ᠦᠷ᠎ᠡ | ᠪᠦᠲᠦᠭᠡᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ ᠪᠦᠬᠦ | ᠲᠠᠯ᠎ᠠ ᠪᠠᠷ ᠳᠡᠯᠭᠡᠨ ᠦᠵᠡᠭᠦᠯᠵᠦ᠂ ᠰᠠᠳᠠᠷᠠᠨ ᠳᠡᠯᠭᠡᠷᠡᠭᠰᠡᠨ ᠰᠡᠨᠳᠡᠩ ᠮᠤᠳᠤᠨ ᠴᠡᠴᠡᠭᠡᠰ ᠢᠶᠠᠷ ᠰᠠᠶᠢᠬᠠᠨ ᠨᠤᠲᠤᠭ | ᠤᠨ ᠦᠩᠭᠡ ᠵᠢᠰᠥ ᠪᠤᠯᠭᠠᠵᠤ ᠂ ᠦᠷᠭᠡᠨ ᠤᠯᠠᠨ ᠵᠤᠭᠠᠴᠠᠭᠰᠠᠳ ᠠᠶᠠᠯᠠᠭᠰᠠᠳ ᠲᠤ ᠬᠦᠮᠥᠨ ᠪᠠᠶᠢᠭᠠᠯᠢ ᠶᠢᠨ | ᠬᠤᠤᠰ ᠦᠭᠡᠢ ᠤᠶᠠᠯᠳᠤᠯ ᠢ ᠰᠤᠨᠢᠷᠬᠠᠭᠤᠯᠤᠭᠰᠠᠨ ᠪᠠᠶᠢᠨ᠎ᠠ᠃ | ᠰᠡᠨᠳᠡᠩ ᠮᠤᠳᠤᠨ ᠴᠡᠴᠡᠭ ᠨᠢ ᠦᠵᠡᠰᠬᠦᠯᠡᠩᠲᠦ ᠰᠠᠶᠢᠬᠠᠨ ᠦᠵᠡᠮᠵᠢ ᠶᠢ ᠪᠦᠷᠢᠯᠳᠥᠭᠦᠯᠥᠭᠰᠡᠨ ᠢᠶᠠᠷ ᠪᠠᠷᠠᠬᠤ | ᠦᠭᠡᠢ ᠣᠩᠨᠢᠭᠤᠳ ᠨᠤᠲᠤᠭ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠬᠤᠯᠠ ᠠᠴᠢᠶᠠᠯᠠᠪᠤᠷᠢ ᠪᠤᠯᠤᠭᠰᠠᠨ ᠪᠠᠶᠢᠨ᠎ᠠ᠃ ᠳᠡᠭᠡᠷ᠎ᠡ ᠵᠠᠭᠤᠨ ᠤ ᠵᠢᠷᠠᠭᠠᠳ | ᠣᠨ ᠳᠤ ᠣᠩᠨᠢᠭᠤᠳ ᠬᠤᠰᠢᠭᠤᠨ ᠤ ᠦᠨᠳᠦᠰᠦᠲᠡᠨ ᠨᠦᠭᠦᠳ ᠤᠨ 2200 ᠭᠠᠷᠤᠢ ᠺᠠᠳ᠋ᠷ ᠤᠯᠠᠨ ᠲᠦᠮᠡᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠡᠨᠡ ᠬᠦ ᠰᠡᠨᠳᠡᠩ ᠮᠤᠳᠤᠨ ᠤᠢ ᠶᠢ ᠰᠠᠭᠤᠯᠭᠠᠨ | ᠤᠶᠢᠵᠢᠭᠤᠯᠤᠭᠰᠠᠨ ᠶᠤᠮ᠃ ᠣᠳᠣ ᠪᠤᠯᠬᠤ ᠳᠤ ᠨᠢᠭᠡᠨᠲᠡ ᠳᠡᠯᠡᠬᠡᠢ ᠶᠢᠨ ᠤᠶᠢᠵᠢᠭᠤᠯᠤᠯᠳᠠ ᠪᠠᠷ ᠬᠠᠮᠤᠭ ᠶᠡᠭᠡ | ᠲᠠᠯᠠᠪᠠᠢ ᠲᠠᠢ ᠰᠡᠨᠳᠡᠩ ᠮᠤᠳᠤᠨ ᠰᠠᠭᠤᠷᠢᠨ ᠭᠠᠵᠠᠷ ᠪᠣᠯᠤᠭᠰᠠᠨ ᠪᠥᠭᠡᠳ ᠰᠡᠨᠳᠡᠩ ᠮᠤᠳᠤᠨ ᠴᠠᠢ᠂ ᠰᠡᠨᠳᠡᠩ | ᠮᠤᠳᠤᠨ ᠦᠷ᠎ᠡ ᠶᠢᠨ ᠲᠣᠰᠣ ᠵᠡᠷᠭᠡ ᠣᠨᠴᠠᠯᠢᠭᠲᠤ ᠠᠵᠤ ᠦᠢᠯᠡᠰ ᠢ ᠬᠡᠯᠬᠢᠶᠡᠵᠢᠭᠦᠯᠥᠨ᠂ ᠠᠮᠢ ᠠᠬᠤᠢ ᠶᠢᠨ ᠦᠷ᠎ᠡ | ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠢ ᠵᠡᠷᠭᠡᠪᠡᠷ ᠤᠯᠬᠤ ᠬᠥᠭᠵᠢᠯᠲᠡ ᠶᠢᠨ ᠵᠠᠮ ᠢ ᠨᠡᠭᠡᠭᠡᠭᠰᠡᠨ | ᠪᠠᠶᠢᠨ᠎ᠠ᠃ |