| 5 ᠰᠠᠷ᠎ᠠ ᠶᠢᠨ18 ᠤ ᠡᠳᠥᠷ᠂ ᠬᠠᠷᠠᠮᠦ᠋ᠷᠡᠨ ᠮᠤᠵᠢ ᠶᠢᠨ ᠤᠷᠠᠨ ᠵᠢᠷᠤᠭᠴᠢᠳ ᠤᠨ ᠨᠡᠶᠢᠭᠡᠮᠯᠢᠭ ᠤᠨ | ᠵᠦᠪᠯᠡᠭᠴᠢ᠂ ᠳᠤᠮᠳᠠᠳᠤ ᠤᠯᠤᠰ ᠤᠨ ᠤᠯᠤᠰ ᠤᠨ ᠵᠢᠷᠤᠭ ᠤᠨ ᠬᠦᠷᠢᠶᠡᠯᠡᠩ ᠤᠨ ᠰᠤᠳᠤᠯᠤᠭᠴᠢ ᠢᠥᠢ ᠴᠧᠩ | ᠶᠸᠥ᠂ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠪᠠᠷ ᠤᠷᠠᠯᠠᠯ ᠤᠨ ᠵᠦᠪᠯᠡᠯ ᠤᠨ ᠬᠡᠰᠢᠭᠦᠨ | ᠂ ᠦᠪᠥᠷ ᠮᠤᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠪᠠᠷ | ᠤᠷᠠᠯᠠᠯ ᠤᠨ ᠵᠦᠪᠯᠡᠯ ᠤᠨ ᠡᠷᠬᠢᠯᠡᠭᠴᠢ ᠯᠦᠸᠧ ᠵᠦᠩ ᠸᠧᠢ ᠵᠡᠷᠭᠡ ᠲᠤᠰᠬᠠᠢ ᠮᠡᠷᠭᠡᠵᠢᠯᠳᠡᠳ ᠮᠠᠨ ᠤ ᠬᠤᠰᠢᠭᠤᠨ | ᠳᠤ ᠢᠷᠡᠵᠥ ᠵᠠᠷᠠᠭᠠᠨ ᠬᠠᠳᠠᠨ ᠤ ᠬᠠᠳᠠᠨ ᠵᠢᠷᠤᠭ ᠢ ᠰᠢᠨᠵᠢᠯᠡᠨ ᠪᠠᠶᠢᠴᠠᠭᠠᠭᠰᠠᠨ ᠪᠠᠶᠢᠨ᠎ᠠ᠃ | ᠵᠠᠷᠠᠭᠠᠨ ᠬᠠᠳᠠᠨ ᠤ ᠬᠠᠳᠠᠨ ᠵᠢᠷᠤᠭ ᠨᠢ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠴᠢᠬᠤᠯᠠ ᠰᠤᠶᠤᠯ | ᠤᠨ ᠦᠪ ᠪᠤᠯᠤᠭᠰᠠᠨ ᠤ ᠬᠤᠪᠢ ᠳᠤ ᠲᠤᠶᠢᠯ ᠤᠨ ᠶᠡᠭᠡ ᠤᠷᠠᠯᠢᠭ ᠤᠨ ᠦᠨ᠎ᠡ ᠦᠷᠳᠡᠭ ᠪᠠ ᠲᠡᠤᠬᠡ ᠶᠢᠨ | ᠰᠤᠳᠤᠯᠭᠠᠨ ᠤ ᠦᠨ᠎ᠡ ᠦᠷᠳᠡᠭ ᠲᠠᠢ ᠶᠤᠮ᠃ ᠲᠤᠰᠬᠠᠢ ᠮᠡᠷᠭᠡᠵᠢᠯᠳᠡᠳ ᠲᠤᠬᠠᠢ ᠶᠢᠨ ᠲᠠᠯᠠᠪᠤᠷ ᠲᠤ ᠰᠢᠨᠵᠢᠯᠡᠨ | ᠪᠠᠶᠢᠴᠠᠭᠠᠬᠤ ᠪᠠᠷ ᠳᠠᠮᠵᠢᠨ ᠲᠤᠰ ᠬᠠᠳᠠᠨ ᠵᠢᠷᠤᠭ ᠤᠨ ᠤᠷᠠᠯᠢᠭ ᠤᠨ ᠤᠨᠴᠠᠯᠢᠭ ᠢ ᠬᠦᠨᠵᠡᠭᠡᠢ ᠲᠠᠶᠢᠯᠪᠤᠷᠢᠯᠠᠬᠤ ᠶᠢᠨ | ᠬᠠᠮᠲᠤ ᠤᠳᠤ ᠦᠶ᠎ᠡ ᠶᠢᠨ ᠤᠷᠠᠯᠢᠭ ᠤᠨ ᠡᠭᠦᠳᠥᠨ ᠪᠦᠲᠥᠭᠡᠯᠳᠡ ᠳᠤᠮᠳᠠᠬᠢ ᠲᠡᠭᠦᠨ ᠤ ᠤᠯᠠᠮᠵᠢᠯᠠᠯ ᠪᠤᠯᠤᠨ ᠰᠢᠨ᠎ᠡ | ᠶᠢ ᠡᠭᠦᠳᠬᠦ ᠲᠤᠬᠠᠢ ᠭᠦᠨᠵᠡᠭᠡᠢ ᠶᠠᠷᠢᠯᠴᠠᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠮᠠᠨ ᠤ ᠬᠤᠰᠢᠭᠤ ᠨᠢ ᠬᠠᠳᠠᠨ ᠵᠢᠷᠤᠭ ᠢ ᠲᠤᠭᠠᠨᠴᠢᠯᠠᠨ ᠳᠠᠩᠰᠠᠯᠠᠬᠤ ᠢᠨᠵᠧᠨᠧᠷᠢᠩ | ᠢ ᠬᠡᠷᠡᠭᠵᠢᠭᠦᠯᠥᠨ᠂ ᠬᠠᠳᠠᠨ ᠵᠢᠷᠤᠭ ᠤᠨ ᠭᠤᠤᠯ ᠰᠡᠳᠥᠪᠳᠥ ᠰᠤᠳᠤᠯᠭᠠᠨ ᠤ ᠵᠠᠮ ᠱᠤᠭᠤᠮ ᠢ ᠲᠦᠯᠥᠪᠯᠡᠨ | ᠨᠡᠬᠡᠭᠡᠵᠥ᠂ ᠲᠡᠥᠬᠡ ᠶᠢᠨ ᠲᠤᠷᠠᠰᠬᠠᠯᠳᠤ ᠵᠦᠢᠯ ᠤᠨ ᠬᠠᠮᠠᠭᠠᠯᠠᠯᠳᠠ ᠪᠤᠯᠤᠨ ᠰᠤᠶᠤᠯ ᠵᠢᠭᠤᠯᠴᠢᠯᠠᠯ ᠢ | ᠠᠭᠤᠰᠤᠯᠴᠠᠭᠤᠯᠤᠨ ᠬᠦᠭᠵᠢᠭᠦᠯᠬᠦ ᠪᠠᠷ ᠢᠳᠡᠪᠬᠢᠳᠡᠢ ᠠᠬᠢᠭᠤᠯᠵᠤ ᠪᠠᠶᠢᠨ᠎ᠠ᠃ |