| | 5 ᠰᠠᠷ᠎ᠠ ᠶᠢᠨ 18 ᠤ ᠡᠳᠦᠷ᠂ ᠬᠤᠰᠢᠭᠤᠨ ᠤ ᠵᠡᠮᠳᠡᠭᠴᠦᠳ ᠤᠨ ᠬᠤᠯᠪᠤᠭ᠎ᠠ 35 ᠳ᠋ᠤᠭᠠᠷ ᠤᠳᠠᠭ᠎ᠠ ᠶᠢᠨ | ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠥᠷᠨᠢᠭᠦᠯᠵᠦ᠂ ᠵᠡᠮᠳᠡᠭ ᠬᠥᠮᠦᠰ ᠲᠤ | ᠬᠠᠶᠢᠷ᠎ᠠ ᠬᠠᠯᠠᠮᠵᠢ ᠬᠦᠷᠭᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ | ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ | ᠲᠦᠮᠡᠨ ᠳᠤ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠥᠬᠦᠶ | ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠨᠡᠶᠢᠭᠡᠮ ᠢᠶᠠᠷ ᠢᠶᠠᠨ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠭᠦᠨ | ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠤᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ | ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠨᠢ ᠦᠢᠯᠡᠴᠢᠯᠡᠭᠡᠨ ᠤ ᠬᠡᠯᠪᠡᠷᠢ ᠪᠠᠨ ᠰᠢᠨᠡᠴᠢᠯᠡᠵᠦ᠂ ᠦᠢᠯᠡᠴᠢᠯᠡᠭᠡᠨ ᠤ | ᠠᠭᠤᠯᠭ᠎ᠠ ᠪᠠᠨ ᠥᠷᠭᠡᠳᠬᠡᠨ᠂ ᠵᠡᠮᠳᠡᠭ ᠬᠦᠮᠦᠰ ᠲᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠢᠯᠡᠴᠢᠯᠡᠭᠡ | ᠬᠠᠩᠭᠠᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠡᠢ᠃ | |