ᠬᠤᠰᠢᠭᠤᠨ ᠤ ᠵᠠᠰᠠᠭ ᠤᠨ ᠣᠷᠳᠣᠨ 2025 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/21
      5 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ  ᠬᠤᠰᠢᠭᠤᠨ ᠤ ᠵᠠᠰᠠᠭ ᠤᠨ ᠣᠷᠳᠣᠨ ᠤ 2025 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃  ᠬᠤᠷᠠᠯ ᠨᠢ ᠰᠢ ᠶᠢᠨ  ᠫᠢᠩ ᠶᠡᠷᠥᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ᠂ ᠲᠥᠷᠥ ᠶᠢᠨ ᠪᠣᠳᠣᠯᠭ᠎ᠠ ᠲᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠭᠦᠨᠵᠡᠭᠡᠶ ᠶᠠᠷᠢᠯᠴᠠᠵᠤ᠂ ᠬᠠᠮᠢᠶ᠎ᠠ ᠪᠥᠬᠦᠶ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠭᠤᠤ ᠶᠦᠩ ᠡᠤ᠂ ᠴᠠᠭᠠᠨᠪᠠᠭᠠᠲᠤᠷ᠂ ᠳ᠋ᠠᠢ ᠢᠦᠢ ᠬᠤᠸᠠ᠂ ᠯᠢ ᠬᠤᠢ᠂ ᠸᠠᠩ ᠶᠦᠩ ᠯᠢ᠂ ᠳᠤᠪᠳᠤᠨᠰᠡᠩᠭᠡ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ  ᠳᠤᠭᠤᠰᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠨ᠂ ᠤᠬᠠᠮᠰᠠᠷ ᠠᠴᠠ ᠪᠠᠨ ᠣᠩᠨᠢᠭᠤᠳ ᠬᠤᠰᠢᠭᠤᠨ ᠤ ᠬᠥᠭᠵᠢᠯᠲᠡ ᠶᠢ ᠪᠥᠬᠦ ᠬᠤᠲᠠ᠂ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠶᠡᠭᠡ ᠲᠠᠯ᠎ᠠ ᠳᠤ ᠲᠠᠯᠪᠢᠵᠤ᠂ ᠡᠬᠢ ᠪᠠᠶᠠᠯᠢᠭ ᠤᠨ ᠳᠠᠪᠠᠭᠤᠯᠢᠭ ᠪᠠ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ᠂ ᠮᠠᠨ ᠤ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠶ ᠥᠷᠨᠢᠭᠦᠯᠬᠦ ᠬᠡᠷᠡᠭᠲᠡᠶ ᠭᠡᠵᠡᠢ᠃      ᠬᠤᠷᠠᠯ ᠠᠴᠠ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠱᠠᠳᠤᠴᠢ ᠴᠢᠨᠠᠷᠲᠠᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠬᠤᠶᠠᠷ ᠰᠢᠨ᠎ᠡ︾ ︽ᠬᠤᠶᠠᠷ  ᠭᠤᠤᠯᠳᠠᠯᠭ᠎ᠠ︾ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠲᠤᠰ ᠭᠠᠵᠠᠷ ᠣᠷᠣᠨ᠂ ᠲᠤᠰ ᠬᠦᠷᠢᠶᠡᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠠᠷᠠᠯᠲᠠ ᠡᠭᠦᠷᠭᠡ ᠶᠢ ᠵᠣᠬᠢᠰᠲᠠᠢ ᠲᠣᠭᠲᠠᠭᠠᠵᠤ᠂ ᠨᠢᠭᠡ ᠪᠦᠯᠦᠭ ᠪᠣᠯᠪᠠᠰᠤᠷᠠᠩᠭᠤᠢ  ᠂  ᠬᠡᠯᠬᠢᠶᠡᠵᠢᠭᠰᠡᠨ᠂ ᠳᠠᠶᠢᠴᠢᠯᠠᠬᠤ ᠦᠢᠯᠡᠳᠦᠯ ᠢᠶᠠᠷ ᠢᠯᠡᠳᠲᠡ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠨᠥᠭᠡᠴᠡᠯᠡᠵᠦ᠂ ᠳᠡᠭᠡᠭᠰᠢ  ᠵᠣᠯᠭᠠᠭᠤᠯᠬᠤ ᠡᠷᠴᠢᠮ ᠢᠶᠠᠨ  ᠴᠢᠩᠭᠠᠷᠠᠭᠤᠯᠵᠤ᠂ ᠨᠡᠩ ᠤᠯᠠᠨ ᠲᠦᠷᠦᠯ ᠵᠦᠢᠯ ᠢ ᠳᠡᠭᠡᠳᠦ ᠱᠠᠲᠤᠨ ᠤ ᠲᠥᠯᠥᠪᠵᠢᠭᠦᠯᠭᠡ ᠶᠢᠨ ︽ᠳᠠᠪᠴᠠᠩ︾ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ  ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠪᠣᠳᠠᠲᠤ ᠪᠠᠶᠢᠳᠠᠯ ᠪᠠ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠨ᠂ ᠪᠣᠳᠠᠲᠤ ᠴᠣᠭᠴᠠ ᠶᠢᠨ ᠠᠵᠤ ᠠᠬᠤᠢ ᠪᠠᠷ ᠰᠠᠭᠤᠷᠢ ᠪᠣᠯᠭᠠᠵᠤ᠂ ᠰᠢᠨ᠎ᠡ ᠡᠨᠧᠷᠭᠢ᠂ ᠪᠣᠬᠢᠷᠲᠤᠯ ᠦᠭᠡᠢ  ᠲᠦᠷᠥᠯ ᠵᠦᠢᠯ᠂  ᠳᠠᠬᠢᠨᠳᠠ ᠠᠰᠢᠭᠯᠠᠵᠤ ᠪᠤᠯᠬᠤ ᠡᠬᠢ ᠪᠠᠶᠠᠯᠢᠭ ᠢ ᠠᠰᠢᠭᠯᠠᠬᠤ ᠵᠡᠷᠭᠡ ᠡᠵᠡᠩᠨᠡᠯᠲᠡ ᠶᠢᠨ ᠬᠡᠯᠪᠡᠷᠢ ᠶᠢ  ᠱᠠᠭᠠᠷᠳᠠᠨ ᠲᠥᠯᠥᠪᠵᠢᠭᠦᠯᠦᠨ ᠪᠠᠶᠢᠷᠢᠰᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠣᠩᠨᠢᠭᠤᠳ ᠬᠤᠰᠢᠭᠤᠨ ᠤ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ  ᠭᠡᠪᠡ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠶᠢ  ᠴᠠᠭ ᠢᠮᠠᠭᠲᠠ  ᠴᠢᠩᠭᠠᠳᠬᠠᠵᠤ᠂ ︽ᠴᠠᠭ ᠢᠮᠠᠭᠲᠠ  ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠪᠠᠶᠢᠷᠢᠯᠠᠭᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号