ᠮᠠᠨ ᠤ ᠬᠤᠰᠢᠭᠤ ᠣᠯᠠᠨ ᠤᠯᠤᠰ ᠤᠨ ᠮᠦᠽᠧᠶ ᠶᠢᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/21
       5 ᠰᠠᠷ᠎ᠠ ᠶᠢᠨ 16 ᠤ ᠡᠳᠦᠷ᠂ ᠬᠤᠰᠢᠭᠤᠨ ᠤ ᠮᠦᠽᠧᠶ   ᠨᠢ ᠣᠯᠠᠨ ᠤᠯᠤᠰ ᠤᠨ ᠮᠦᠽᠧᠶ ᠶᠢᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠣᠯᠠᠨ ᠵᠦᠢᠯ ᠤᠨ ᠬᠡᠯᠪᠡᠷᠢ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠪᠠ᠃      ᠠᠵᠢᠯᠯᠠᠭ᠎ᠠ ᠶᠢᠨ ᠳᠤᠮᠳᠠ᠂ ᠰᠤᠷᠤᠭᠴᠢᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ ᠬᠤᠰᠢᠭᠤᠨ ᠤ ᠮᠦᠽᠧᠶ ᠶᠢ ᠲᠣᠭᠤᠷᠢᠨ ᠦᠵᠡᠵᠦ᠂ ᠲᠡᠦᠬᠡ ᠰᠣᠶᠣᠯ ᠤᠨ ᠮᠡᠳᠡᠯᠭᠡ ᠶᠢ ᠭᠦᠨᠵᠡᠭᠡᠶ ᠣᠶᠢᠯᠠᠭᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠤᠬᠠᠢ ᠶᠢᠨ ᠲᠠᠯᠠᠪᠠᠢ ᠳᠤ ᠰᠡᠭᠦᠳᠡᠷ  ᠰᠢ   ᠶᠢᠨ ᠤᠷᠠᠯᠢᠭ ᠤᠨ ᠲᠡᠦᠬᠡ ᠶᠢᠨ ᠡᠬᠢ ᠰᠤᠷᠪᠤᠯᠵᠢ ᠪᠠ ᠲᠣᠭᠯᠠᠯᠲᠠ ᠶᠢᠨ ᠤᠷ᠎ᠠ ᠮᠡᠷᠭᠡᠵᠢᠯ ᠢ ᠲᠠᠶᠢᠯᠪᠤᠷᠢᠯᠠᠭᠰᠠᠨ ᠪᠥᠭᠡᠳ ᠰᠤᠷᠤᠭᠴᠢᠳ ᠢ ᠵᠢᠯᠣᠭᠤᠳᠤᠨ ᠰᠡᠭᠦᠳᠡᠷ  ᠰᠢ ᠲᠤᠭᠯᠠᠬᠤ ᠠᠵᠢᠯᠯᠠᠭ᠎ᠠ  ᠳᠤ ᠤᠷᠤᠯᠴᠠᠭᠤᠯᠵᠤ  ᠂  ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ  ᠤᠨᠴᠠᠯᠢᠭ ᠢ ᠤᠶᠢᠯᠠᠭᠤᠯᠪᠠ᠃     ᠲᠣᠰ ᠤᠳᠠᠭᠠᠨ ᠤ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ ᠲᠡᠦᠬᠡ ᠰᠣᠶᠣᠯ ᠤᠨ ᠮᠡᠳᠡᠯᠭᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠲᠡᠳᠡᠨ ᠤ ᠤᠯᠠᠮᠵᠢᠯᠠᠯᠲᠤ ᠰᠣᠶᠣᠯ ᠢ ᠤᠶᠢᠯᠠᠭᠠᠬᠤ ᠰᠡᠳᠬᠢᠯᠭᠡ ᠶᠢ ᠨᠠᠩ  ᠢᠯᠡᠭᠦᠥ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠰᠠᠶᠢᠨ ᠰᠠᠶᠢᠬᠠᠨ ᠲᠠᠪᠴᠠᠩ ᠬᠠᠩᠭᠠᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号