| ᠰᠢᠷ᠎ᠠ ᠪᠤᠷᠴᠠᠭ ᠳᠠᠷᠢᠬᠤ ᠵᠠᠩᠭᠢᠯᠠᠭ᠎ᠠ ᠶᠢᠨ ᠬᠤᠭᠤᠴᠠᠭ᠎ᠠ ᠪᠣᠯᠵᠣ ᠢᠷᠡᠬᠦ ᠶᠢ ᠳᠠᠭᠠᠯᠳᠤᠨ᠂ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠯᠴᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠵᠤ᠂ ᠵᠠᠭᠤᠨ ᠮᠥ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ ᠲᠦᠷᠥᠯ ᠢ ᠪᠥᠬᠦ | ᠬᠦᠴᠦᠨ ᠢᠶᠠᠷ ᠢᠶᠠᠨ ᠪᠠᠶᠢᠭᠤᠯᠵᠤ᠂ ᠪᠥᠬᠦ ᠬᠤᠰᠢᠭᠤᠨ ᠤ 40 ᠲᠦᠮᠡᠨ ᠮᠥ ᠰᠢᠷ᠎ᠠ ᠪᠤᠷᠴᠠᠭ ᠤᠨ ᠭᠠᠷᠤᠯᠲᠠ ᠶᠢ | ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ | ᠨᠡᠮᠡᠷᠢᠯᠡᠵᠥ ᠪᠠᠶᠢᠨ᠎ᠠ᠃ | ᠪᠦᠬᠦ ᠬᠤᠰᠢᠭᠤᠨ ᠤ ᠰᠢᠷ᠎ᠠ ᠪᠤᠷᠴᠠᠭ ᠤᠨ ᠠᠵᠤ ᠦᠢᠯᠡᠰ ᠲᠤ ᠲᠤᠯᠭᠠᠷᠠᠵᠤ ᠪᠠᠶᠢᠭ᠎ᠠ ᠬᠥᠷᠥᠰᠥ ᠰᠢᠷᠣᠢ | ᠰᠤᠯᠠ ᠲᠠᠴᠢᠷ ᠪᠠ ᠡᠭᠦᠯᠳᠡᠷ ᠬᠠᠭᠤᠴᠢᠷᠠᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ︽ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ | ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠬᠦ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠤᠨ | ᠬᠠᠮᠲᠤᠷᠠᠯᠴᠠᠭᠠᠨ ᠤ ᠵᠠᠭᠪᠤᠷ ᠢ ᠡᠭᠦᠳᠦᠨ ᠪᠠᠶᠢᠭᠤᠯᠵᠤ᠂ ᠡᠯ᠎ᠡ ᠭᠠᠵᠠᠷ ᠤᠨ ᠣᠯᠠᠨ ᠠᠷᠪᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠲᠠᠢ ᠬᠤᠯᠪᠣᠭᠠᠯᠠᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ | ᠰᠠᠶᠢᠨ ᠡᠭᠦᠯᠳᠡᠷ ᠰᠠᠶᠢᠨ ᠠᠷᠭ᠎ᠠ ᠪᠠᠷᠢᠯ ᠢ ᠢᠵᠢ ᠪᠦᠷᠢᠳᠦᠭᠦᠯᠦᠨ ᠨᠠᠶᠢᠳᠠᠪᠤᠷᠢᠵᠢᠭᠤᠯᠪᠠ᠃ ᠤᠯᠠᠭᠠᠨᠬᠠᠳᠠ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠯᠴᠠᠵᠤ ᠂ ᠮᠠᠨ ᠤ ᠬᠤᠰᠢᠭᠤᠨ ᠤ ᠵᠠᠭᠤᠨ ᠮᠦ ᠰᠢᠷ᠎ᠠ | ᠪᠤᠷᠴᠠᠭ ᠤᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠳᠤ ᠤᠶᠢᠷ᠎ᠠ ᠶᠢᠨ ᠬᠡᠳᠥᠨ ᠵᠢᠯ ᠤᠨ ᠲᠤᠷᠰᠢᠳᠠ ᠰᠢᠨ᠎ᠡ | ᠡᠭᠦᠯᠳᠡᠷ ᠤᠨ ᠲᠤᠷᠰᠢᠯᠲᠠ ᠬᠢᠭᠡᠳ ᠵᠢᠱᠢᠶ᠎ᠡ ᠦᠵᠡᠭᠦᠯᠬᠦ ᠴᠢᠨᠠᠷᠳᠠᠢ ᠠᠮᠵᠢᠯᠲᠠ ᠤᠯᠤᠭᠰᠠᠨ ᠪᠠᠶᠢᠨ᠎ᠠ᠃ | ᠤᠳᠤᠬᠠᠨ ᠳᠤ ᠡᠨᠡᠬᠦ ᠲᠤᠷᠰᠢᠯᠳᠠ ᠶᠢᠨ ᠦᠷ᠎ᠡ ᠪᠦᠲᠥᠭᠡᠯ ᠢ ᠪᠦᠬᠦ ᠬᠤᠰᠢᠭᠤᠨ ᠤ 40 ᠲᠦᠮᠡᠨ ᠮᠥ ᠰᠢᠷ᠎ᠠ ᠪᠤᠷᠴᠠᠭ | ᠤᠨ ᠠᠵᠤ ᠦᠢᠯᠡᠰ ᠲᠤ ᠨᠠᠶᠢᠳᠠᠪᠤᠷᠢᠵᠢᠭᠤᠯᠵᠤ᠂ ᠡᠭᠦᠯᠳᠡᠷ ᠤᠨ ᠴᠢᠨᠠᠷ ᠢ ᠪᠠᠲᠤᠯᠠᠭᠰᠠᠨ ᠢᠶᠠᠷ ᠪᠠᠷᠠᠬᠤ ᠦᠭᠡᠢ | ᠤᠨᠠᠯᠳᠠ ᠶᠢᠨ ᠨᠡᠮᠡᠭᠳᠡᠯ ᠢ ᠴᠤ ᠪᠠᠲᠤᠯᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | |