ᠮᠠᠨ ᠤ ᠬᠤᠰᠢᠭᠤ  ᠡᠷᠳᠡᠨᠢ ᠰᠢᠰᠢ ᠶᠢᠨ ᠮᠤ᠋ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠰᠢᠨ᠎ᠡ  ᠪᠠᠷᠢᠮᠵᠢᠶ᠎ᠠ ᠶᠢ ᠪᠣᠶ ᠪᠤᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2025/5/28
       2025 ᠣᠨ ᠳᠤ᠂ ᠮᠠᠨ ᠤ ᠬᠤᠰᠢᠭᠤ ︽ ᠮᠡᠷᠭᠡᠵᠢᠯ ᠳᠤ ᠲᠦᠰᠢᠭᠯᠡᠨ ᠠᠮᠤ ᠪᠤᠳᠠᠭᠠᠨ ᠤ ᠤᠨᠠᠯᠳᠠ ᠶᠢ  ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠡᠷᠳᠡᠨᠢ ᠰᠢᠰᠢ ᠶᠢᠨ ᠮᠤ᠋ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ᠃ ᠪᠥᠬᠦ ᠬᠤᠰᠢᠭᠤᠨ ᠤ ᠬᠡᠪᠴᠢᠶᠡᠨ ᠳᠤ ︽ᠨᠢᠭᠲᠠ ᠳᠠᠷᠢᠵᠤ ᠥᠨᠳᠥᠷ  ᠬᠤᠷᠢᠶᠠᠬᠤ︾ ᠮᠡᠷᠭᠡᠵᠢᠯ  ᠲᠦᠪᠯᠡᠷᠡᠭᠰᠡᠨ ᠵᠠᠭᠪᠤᠷ ᠢ ᠳᠡᠯᠭᠡᠷᠡᠭᠦᠯᠵᠦ᠂  ᠬᠡᠪᠴᠢᠶᠡᠵᠢᠭᠦᠯᠥᠨ ᠨᠢᠭᠲᠠ ᠳᠠᠷᠢᠬᠤ 30 ᠲᠦᠮᠡᠨ ᠮᠥ  ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ 20 ᠲᠦᠮᠡᠨ ᠮᠥ ᠮᠤ᠋ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠤᠭᠤᠷᠢᠭ ᠢ ᠵᠡᠷᠭᠡᠪᠡᠷ  ᠪᠥᠲᠥᠭᠡᠨ ᠪᠠᠶᠢᠭᠤᠯᠵᠤ᠂  ᠤᠮᠠᠷᠠᠲᠤ  ᠬᠢᠵᠠᠭᠠᠷ ᠤᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠰᠢᠨ᠎ᠡ  ᠤᠷᠤᠨ ᠢ ᠪᠥᠬᠦ ᠬᠦᠴᠦᠨ ᠢᠶᠠᠷ ᠢᠶᠠᠨ  ᠴᠤᠭᠴᠠᠯᠠᠵᠤ ᠪᠠᠶᠢᠨ᠎ᠠ᠃      ᠤᠯᠠᠭᠠᠨᠬᠠᠳᠠ ᠶᠢᠨ ᠮᠢᠨ ᠵᠢᠢ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠨᠢ ᠲᠦᠷᠥᠭᠦᠥ ᠪᠦᠯᠥᠭ ᠤᠨ ᠵᠢᠱᠢᠶ᠎ᠡ ᠦᠵᠡᠭᠦᠯᠬᠦ ᠲᠠᠷᠢᠮᠠᠯ ᠤᠨ ᠠᠵᠤ ᠠᠬᠤᠶᠢᠯᠠᠯ ᠪᠤᠯᠤᠭᠰᠠᠨ ᠤ ᠬᠤᠪᠢ ᠳᠤ᠂ ᠡᠨᠡ ᠵᠢᠯ ᠰᠢᠨ᠎ᠡ ᠮᠡᠷᠭᠡᠵᠢᠯ ᠢ  ᠬᠡᠨ ᠠᠴᠠ ᠴᠦ ᠲᠡᠷᠢᠭᠦᠨ   ᠳᠤ ᠬᠡᠷᠡᠭᠯᠡᠵᠦ᠂ ᠤᠳᠠᠨᠲᠤᠬᠤᠢ ᠪᠠᠯᠭᠠᠰᠤᠨ ᠤ ᠮᠠ ᠵᠢᠶᠠ ᠽᠢ ᠲᠣᠰᠬᠤᠨ ᠳᠤ 1700 ᠮᠦ ᠲᠠᠷᠢᠶᠠᠨ ᠭᠠᠵᠠᠷ ᠢ  ᠳᠠᠭᠠᠭᠠᠴᠢᠯᠠᠨ᠂ ᠲᠠᠷᠢᠮᠠᠯ ᠤᠨ ᠨᠢᠭᠲᠠᠴᠠ ᠶᠢ ᠮᠦ ᠪᠦᠷᠢ ᠳᠤ 4500 ᠰᠠᠭᠤᠷᠢ ᠪᠠᠶᠢᠭᠰᠠᠨ ᠠᠴᠠ 6000 ᠰᠠᠭᠤᠷᠢ ᠪᠣᠯᠭᠠᠨ  ᠨᠡᠮᠡᠭᠳᠡᠭᠦᠯᠵᠥ᠂ ᠬᠡᠰᠡᠭ ᠭᠠᠵᠠᠷ  ᠲᠤ 7100 ᠠᠴᠠ 8000 ᠰᠠᠭᠤᠷᠢ ᠳᠤ ᠬᠦᠷᠭᠡᠬᠦ ᠶᠢᠨ ᠬᠠᠮᠲᠤ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠣᠶᠤᠨᠴᠢ ᠰᠢᠰᠲ᠋ᠧᠮ  ᠢ   ᠠᠰᠢᠭᠯᠠᠭᠰᠠᠨ ᠠᠴᠠ ᠤᠰᠤ ᠠᠷᠪᠢᠯᠠᠬᠤ  ᠨᠤᠷᠮ᠎ᠠ ᠶᠢ 15%  ᠪᠠᠷ ᠪᠡᠶᠡᠯᠡᠭᠦᠯᠪᠡ᠃      ᠡᠷᠳᠡᠨᠢ ᠰᠢᠰᠢ ᠶᠢᠨ ᠮᠤ᠋ ᠨᠢᠭᠡᠴᠢ ᠶᠢᠨ ᠤᠨᠠᠯᠳᠠ ᠶᠢ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ   ᠨᠢ ᠣᠯᠠᠨ ᠠᠷᠪᠢᠨ ᠲᠠᠷᠢᠶᠠᠨ ᠦᠷ᠎ᠡ ᠶᠢᠨ  ᠠᠵᠤ ᠠᠬᠤᠶᠢᠯᠠᠯ ᠲᠠᠢ ᠬᠤᠯᠪᠣᠭᠠᠯᠠᠨ ᠨᠢᠭᠲᠠ ᠲᠠᠷᠢᠬᠤ ᠳᠤ ᠲᠤᠬᠢᠷᠠᠮᠵᠢᠳᠡᠢ ᠲᠦᠷᠥᠯ   ᠢ ᠪᠤᠶᠢᠵᠢᠭᠤᠯᠬᠤ ᠪᠤᠭᠤᠮᠳᠠ ᠶᠢ  ᠰᠢᠪᠲᠤᠯᠤᠨ᠂ ︽ ᠴᠢᠬᠢ  ᠦᠵᠡᠵᠥ ᠦᠷ᠎ᠡ   ᠰᠤᠩᠭᠤᠬᠤ︾ ᠲᠠᠪᠴᠠᠩ ᠳᠤ  ᠲᠦᠰᠢᠭᠯᠡᠵᠥ᠂  ᠤᠷᠤᠨ  ᠭᠠᠵᠠᠷ ᠤᠨ ᠠᠭᠤᠷ ᠠᠮᠢᠰᠬᠤᠯ ᠳᠤ  ᠵᠤᠬᠢᠴᠠᠬᠤ ᠥᠨᠳᠥᠷ ᠤᠨᠠᠯᠲᠠ ᠲᠠᠢ 25  ᠲᠦᠷᠥᠯ  ᠤᠨ ᠰᠠᠶᠢᠨ ᠡᠭᠦᠯᠳᠡᠷ ᠢ ᠰᠣᠩᠭᠤᠨ ᠭᠠᠷᠭᠠᠪᠠ᠃ ᠡᠭᠦᠨ ᠤ ᠬᠠᠮᠲᠤ᠂ ︽ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ᠂ ᠲᠠᠷᠢᠶᠠᠴᠢᠨ ᠡᠷᠦᠬᠡ︾ ᠶᠢᠨ ᠬᠠᠮᠵᠢᠯᠴᠠᠬᠤ ᠲᠣᠭᠲᠠᠴᠠ ᠶᠢ ᠬᠡᠷᠡᠭᠵᠢᠭᠦᠯᠵᠥ᠂ ᠤᠨᠠᠯᠲᠠ ᠶᠢ ᠨᠡᠮᠡᠭᠳᠡᠭᠦᠯᠬᠦ ᠪᠠ  ᠡᠬᠡ ᠪᠡᠨ᠎ᠡ ᠶᠢ ᠠᠷᠪᠢᠯᠠᠬᠤ  ᠠᠷᠭ᠎ᠠ ᠵᠠᠮ ᠢᠶᠠᠷ ᠳᠠᠮᠵᠢᠭᠤᠯᠤᠨ᠂ 20 ᠲᠦᠮᠡᠨ ᠮᠥ ᠵᠢᠱᠢᠶ᠎ᠡ ᠦᠵᠡᠭᠦᠯᠬᠦ ᠣᠷᠣᠨ ᠤ ᠲᠠᠷᠢᠶᠠᠴᠢᠨ ᠡᠷᠦᠬᠡ ᠶᠢᠨ ᠡᠬᠡ ᠪᠡᠨ᠎ᠡ ᠶᠢ ᠠᠷᠪᠢᠯᠠᠨ ᠠᠰᠢᠭ ᠣᠷᠣᠯᠭ᠎ᠠ ᠶᠢ 200 ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ᠡᠷᠳᠡᠨᠢ ᠰᠢᠰᠢ  ᠳᠠᠷᠢᠬᠤ  ᠂ ᠦᠷ᠎ᠡ ᠪᠤᠶᠢᠵᠢᠭᠤᠯᠬᠤ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠪᠦᠲᠦᠮᠵᠢᠲᠡᠶ  ᠳᠠᠶᠢᠴᠢᠯᠠᠪᠠ᠃     ᠤᠶᠢᠯᠠᠭᠠᠭᠰᠠᠨ ᠢᠶᠠᠷ᠂  ᠪᠥᠬᠦ ᠬᠤᠰᠢᠭᠤᠨ ᠤ 2025 ᠣᠨ ᠤ ᠡᠷᠳᠡᠨᠢ ᠰᠢᠰᠢ ᠳᠠᠷᠢᠬᠤ ᠶᠡᠷᠦᠩᠬᠡᠶ ᠲᠠᠯᠠᠪᠠᠶ 240 ᠲᠦᠮᠡᠨ ᠮᠥ ᠣᠷᠴᠢᠮ  ᠪᠠᠶᠢᠨ᠎ᠠ᠃  ᠣᠷᠣᠨ  ᠬᠤᠲᠠ ᠶᠢᠨ ᠲᠠᠷᠢᠶᠠᠯᠠᠩ ᠤᠨ ᠰᠠᠯᠠᠭ᠎ᠠ ᠮᠥᠴᠢᠷ ᠤᠨ ᠳᠠᠭᠠᠭᠤᠯᠭ᠎ᠠ ᠳᠣᠣᠷ᠎ᠠ᠂ ᠮᠠᠨ ᠤ   ᠬᠤᠰᠢᠭᠤ   ᠨᠢ  ᠡᠷᠳᠡᠨᠢ ᠰᠢᠰᠢ ᠶᠢ ᠨᠢᠭᠲᠠ ᠲᠠᠷᠢᠵᠤ  ᠮᠤ᠋ ᠨᠢᠭᠡᠴᠢ ᠶᠢᠨ ᠤᠨᠠᠯᠳᠠ ᠶᠢ ᠳᠡᠭᠡᠭᠰᠢᠯᠡᠭᠦᠯᠬᠦ ᠠᠵᠢᠯ ᠢ ᠪᠦᠬᠦ  ᠬᠤᠰᠢᠭᠤᠨ ᠤ ᠬᠡᠪᠴᠢᠶᠡᠨ ᠳᠤ ᠠᠬᠢᠭᠤᠯᠵᠤ  ᠂  ᠡᠷᠳᠡᠨᠢ ᠰᠢᠰᠢ ᠶᠢ ᠬᠡᠪᠴᠢᠶᠡᠵᠢᠭᠦᠯᠦᠨ  ᠨᠢᠭᠲᠠ ᠳᠠᠷᠢᠵᠤ ᠪᠠᠶᠢᠭ᠎ᠠ ᠲᠠᠯᠠᠪᠠᠢ  30 ᠲᠦᠮᠡᠨ ᠮᠥ  ᠶᠢ ᠳᠠᠪᠠᠵᠤ᠂  ᠮᠥ  ᠨᠢᠭᠡᠴᠢ ᠶᠢᠨ ᠳᠤᠮᠳᠠᠴᠢ  ᠤᠨᠠᠯᠲᠠ ᠶᠢ ᠵᠠᠭᠤᠨ ᠺᠢᠯᠣᠭ᠍ᠷᠠᠮ ᠠᠴᠠ ᠳᠡᠭᠡᠭᠰᠢᠬᠢ  ᠨᠡᠮᠡᠭᠳᠡᠭᠦᠯᠬᠦ   ᠪᠠᠷ ᠴᠢᠷᠮᠠᠶᠢᠵᠤ ᠪᠠᠶᠢᠨ᠎ᠠ᠃  
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号