ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠠᠷᠠᠯᠵᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/28
      5 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃  ᠰᠦᠵᠧᠦ ᠶᠢᠨ ᠱᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠦᠩ ᠱᠢ ᠬᠤᠩ᠂ ᠬᠤᠲᠠ ᠶᠢᠨ ᠤᠯᠤᠰ ᠤᠨ  ᠦᠮᠴᠢᠯᠡᠯᠳᠥ  ᠬᠥᠷᠥᠩᠭᠡ ᠶᠢᠨ ᠵᠥᠪᠯᠡᠯ ᠤᠨ ᠡᠷᠬᠢᠯᠡᠭᠴᠢ ᠵᠧᠤ ᠵᠠᠨ ᠯᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ  ᠳᠡᠳ᠋ ᠳᠠᠷᠤᠭ᠎ᠠ ᠸᠠᠩ ᠵᠢᠶᠦ᠋ᠨ ᠵᠢᠶᠦ᠋ᠨ ᠨᠡᠷ ᠬᠤᠷᠠᠯ ᠳᠤ  ᠤᠷᠤᠯᠴᠠᠪᠠ᠃      ᠮᠠ ᠶᠦᠩ ᠭᠠᠩ  ᠶᠠᠷᠢᠶᠠᠨ ᠳᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠳ᠋ᠦᠩ ᠱᠢ ᠬᠤᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠬᠦ ᠶᠢᠨ ᠬᠠᠮᠲᠤ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠯᠤᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠡᠷᠲᠡᠬᠡᠨ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠤᠯᠬᠤ ᠶᠢ  ᠠᠬᠢᠭᠤᠯᠤᠨ᠂  ᠬᠠᠮᠲᠤᠪᠠᠷ ᠠᠰᠢᠭ ᠬᠦᠷᠳᠡᠬᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ  ᠃      ᠳ᠋ᠦᠩ ᠱᠢ ᠬᠤᠩ  ᠶᠠᠷᠢᠶᠠᠨ ᠳᠠᠭᠠᠨ  ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ   ᠢ ᠲᠠᠨᠢᠯᠴᠠᠭᠤᠯᠬᠤ ᠶᠢᠨ ᠬᠠᠮᠲᠤ  ᠰᠦᠵᠧᠦ ᠶᠢᠨ ᠱᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ   ᠨᠢ ᠮᠡᠷᠭᠡᠵᠢᠯ ᠪᠣᠯᠤᠨ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠬᠢᠴᠠ ᠶᠢ ᠢᠳᠡᠪᠬᠢᠲᠡᠢ ᠠᠬᠢᠭᠤᠯᠵᠤ᠂ ᠣᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃     ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠠᠰᠠ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号