ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ  ᠦᠷᠭᠡᠳᠬᠡᠭᠰᠡᠨ ᠬᠤᠷᠠᠯ  ᠬᠤᠷᠠᠯᠳᠣᠪᠠ
ᠨᠡᠶᠢᠲᠡᠯᠡᠭᠰᠡᠨ ᠴᠠᠭ᠄
2025/5/28
     5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠠᠮᠲᠤ ᠶᠢᠨ  ᠰᠤᠷᠤᠯᠴᠠᠯᠭ᠎ᠠ ᠶᠢᠨ ᠦᠷᠭᠡᠳᠭᠡᠭᠰᠡᠨ ᠬᠤᠷᠠᠯ ᠢ ᠡᠷᠭᠢᠯᠡᠨ  ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ  ᠪᠦᠬᠦ ᠬᠡᠰᠢᠭᠦᠳ ᠬᠤᠷᠠᠯ ᠳᠤ ᠣᠷᠣᠯᠴᠠᠪᠠ᠃     ᠬᠤᠷᠠᠯ ᠠᠴᠠ ︽ᠨᠠᠢᠮᠠᠨ ᠵᠤᠷᠪᠤᠰ ᠲᠣᠭᠲᠠᠭᠠᠯ  ᠨᠢ ᠳᠤᠮᠳᠠᠳᠤ ᠤᠯᠤᠰ ᠢ ᠬᠤᠪᠢᠷᠠᠭᠤᠯᠬᠤ︾᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ  ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠳᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾᠂ ︽ᠨᠠᠮ ᠵᠠᠰᠠᠭ ᠤᠨ ᠪᠠᠶᠢᠭᠤᠯᠭ᠎ᠠ   ᠶᠢᠨ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠦᠷᠢᠮ︾ ᠵᠡᠷᠭᠡ ᠠᠭᠤᠯᠭ᠎ᠠ ᠶᠢ ᠬᠠᠮᠲᠤ ᠪᠠᠷ ᠰᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ ᠲᠠᠰ ᠳᠠᠷᠠᠭᠠᠯᠠᠨ ᠰᠤᠳᠤᠯᠤᠨ ᠶᠠᠷᠢᠯᠴᠠᠵᠤ ᠶᠠᠷᠢᠶ᠎ᠠ  ᠢᠯᠡᠳᠬᠡᠯ  ᠬᠢᠪᠡ᠃    ᠬᠤᠷᠠᠯ ᠠᠴᠠ᠂  ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠨ  ᠳᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂  ᠣᠶᠢᠯᠠᠭᠠᠬᠤ ᠴᠢᠳᠠᠪᠤᠷᠢ᠂  ᠬᠡᠷᠡᠭᠵᠢᠭᠦᠯᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ  ᠴᠠᠭ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ  ᠨᠢᠭᠡᠳᠥᠯᠵᠢᠭᠦᠯᠵᠥ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号