ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ 150 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ  ᠬᠤᠷᠠᠯ ᠂  ᠨᠢᠭᠡᠳᠥᠮᠡᠯ ᠹᠷᠤᠨᠲ ᠶᠢᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ᠂ ᠴᠡᠷᠢᠭ  ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠂  ᠨᠠᠮ ᠤᠨ  ᠪᠠᠶᠢᠭᠤᠯᠤᠯᠳᠠ ᠶᠢᠨ ᠠᠵᠢᠯ ‍ᠤᠨ‌ᠤᠳᠤᠷᠢᠳᠬᠤ ᠳᠤᠭᠤᠶᠢᠯᠠᠩ   ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/28
     5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 150 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ  ᠵᠢᠴᠢ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠴᠡᠷᠢᠭ  ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ  ᠬᠤᠷᠠᠯᠳᠤᠭᠤᠯᠪᠠ᠃  ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠬᠤᠷᠠᠯ ᠳᠤ ᠰᠤᠯᠠ  ᠤᠷᠤᠯᠴᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂  ᠪᠣᠯᠪᠠᠰᠤᠷᠠᠩᠭᠤᠶ ᠬᠡᠮᠵᠢᠶ᠎ᠡ ᠪᠠᠷ ᠥᠨᠳᠥᠷ᠂ ᠬᠡᠯᠬᠢᠶᠡᠰᠦ ᠶᠢ ᠤᠷᠲᠤᠳᠬᠠᠨ  ᠨᠥᠬᠦᠪᠥᠷᠢᠯᠡᠵᠦ  ᠴᠢᠩᠭᠠᠳᠬᠠᠬᠤ᠂ ᠳᠠᠶᠢᠴᠢᠯᠠᠬᠤ ᠦᠢᠯᠡᠳᠦᠯ ᠢᠶᠠᠷ ᠳᠤᠪᠤᠶᠢᠮ᠎ᠠ ᠨᠢᠭᠡ ᠪᠦᠯᠥᠭ ᠴᠢᠬᠤᠯᠠ ᠶᠡᠭᠡ ᠲᠥᠷᠥᠯ ᠵᠦᠢᠯ ᠢ ᠦᠷᠭᠦᠯᠵᠢᠯᠡᠨ ᠲᠥᠯᠥᠪᠯᠡᠨ ᠨᠥᠭᠡᠴᠡᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠣᠯᠭᠤᠬᠤ ᠬᠡᠷᠡᠭᠲᠡᠶ ᠭᠡᠵᠡᠢ᠃    ᠬᠤᠷᠠᠯ ᠠᠴᠠ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠰᠤᠷᠲᠠᠯ ᠢ ᠡᠷᠡᠰ ᠲᠠᠶᠠᠭᠳᠠᠵᠤ᠂  ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠦ᠂ ᠠᠵᠢᠯ  ᠢ ︽ᠵᠢᠷᠤᠮᠵᠢᠭᠤᠯᠬᠤ᠂  ᠴᠤᠮᠬᠠᠳᠬᠠᠬᠤ᠂ ᠲᠦᠷᠭᠡᠳᠬᠡᠬᠦ︾ ᠶᠢ ᠠᠬᠢᠭᠤᠯᠬᠤ ᠬᠡᠷᠡᠭᠲᠡᠢ ᠭᠡᠵᠡᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠲᠥᠷᠥᠯ ᠵᠦᠢᠯ ᠢᠶᠠᠷ ᠭᠤᠤᠯ ᠪᠣᠯᠭᠠᠬᠤ᠂  ᠠᠷᠠᠯᠵᠢᠶᠠᠴᠢᠨ ᠤᠷᠢᠬᠤ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ︽ᠠᠵᠤ ᠦᠢᠯᠡᠳᠪᠦᠷᠢ ᠶᠢ ᠶᠡᠬᠡᠪᠡᠷ ᠠᠳᠬᠤᠬᠤ︾ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠰᠢᠨ᠎ᠡ ᠡᠨᠧᠷᠭᠢ᠂ ᠲᠡᠮᠦᠷᠯᠢᠭ ᠬᠠᠶᠢᠯᠤᠭᠤᠯᠬᠤ᠂ ᠠᠭᠤᠷᠬᠠᠶ ᠶᠢᠨ ᠦᠢᠯᠡᠰ ᠤᠨ ᠠᠵᠤ ᠠᠬᠤᠶ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠤᠨ ᠪᠦᠲᠦᠭᠡᠭᠳᠡᠬᠦᠨ  ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠭᠤᠤᠯᠯᠠᠬᠤ ᠠᠵᠤ ᠦᠢᠯᠡᠰ ᠢ ᠲᠣᠪᠤᠶᠢᠮ᠎ᠠ ᠰᠠᠶᠢᠲᠤᠷ ᠠᠳᠬᠤᠵᠤ᠂   ᠰᠢᠨ᠎ᠡ ᠡᠨᠧᠷᠭᠢ᠂ ᠡᠨᠧᠷᠭᠢ ᠬᠠᠳᠠᠭᠠᠯᠠᠬᠤ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ  ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠶ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠰᠣᠶᠣᠯ ᠵᠢᠭᠤᠯᠴᠢᠯᠠᠯ ᠪᠡᠶ᠎ᠡ  ᠲᠠᠮᠢᠷ ᠲᠠᠷᠢᠶᠠᠯᠠᠩ ᠪᠠ  ᠠᠷᠠᠯᠵᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠢ ᠠᠬᠢᠭᠤᠯᠵᠤ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠢ ᠠᠮᠢᠳᠤᠯᠢᠭ ᠪᠣᠯᠭᠠᠬᠤ ᠬᠡᠷᠡᠭᠲᠡᠢ ᠭᠡᠵᠡᠢ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠭᠰᠠᠨ ᠪᠥᠭᠡᠳ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号