ᠲᠥᠪ ᠤᠨ ᠨᠠᠢᠮᠠᠨ ᠵᠤᠷᠪᠤᠰ ᠲᠣᠭᠲᠠᠭᠠᠯ ᠪᠣᠯᠣᠨ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ
ᠨᠡᠶᠢᠲᠡᠯᠡᠭᠰᠡᠨ ᠴᠠᠭ᠄
2025/5/6
      ᠨᠠᠮ ᠤᠨ ᠲᠥᠪ ᠬᠤᠷᠢᠶ᠎ᠠ ᠠᠴᠠ 2025 ᠣᠨ ᠤ ᠪᠥᠬᠦ ᠤᠯᠤᠰ ᠤᠨ ᠬᠤᠶᠠᠷ ᠬᠤᠷᠠᠯ ᠲᠡᠭᠦᠰᠦᠭᠰᠡᠨ ᠤ ᠳᠠᠷᠠᠭ᠎ᠠ 7 ᠰᠠᠷ᠎ᠠ ᠪᠣᠯᠲᠠᠯ᠎ᠠ ᠪᠥᠬᠦ ᠨᠠᠮ ᠳᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ᠃ ᠲᠤᠰ ᠤᠳᠠᠭᠠᠨ ᠤ ᠰᠤᠷᠤᠯᠴᠠᠯᠭ᠎ᠠ ᠬᠥᠮᠦᠵᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠠᠰᠠᠭᠤᠳᠠᠯ ᠳᠤᠷᠠᠳᠴᠤ᠂ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠨᠢᠭᠡ ᠵᠦᠢᠯ ᠤᠨ ᠴᠢᠬᠤᠯᠠ ᠠᠵᠢᠯ ᠪᠤᠯᠬᠤ ᠮᠦᠷᠲᠡᠭᠡᠨ 2025 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡ ᠵᠦᠢᠯ ᠤᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠃      ᠲᠥᠪ ᠤᠨ ᠨᠠᠢᠮᠠᠨ ᠵᠤᠷᠪᠤᠰ ᠲᠣᠭᠲᠠᠭᠠᠯ ᠭᠡᠵᠦ ᠶᠠᠭᠤ ᠪᠤᠢ︖      ᠲᠦᠪ ᠤᠨ ᠨᠠᠢᠮᠠᠨ ᠵᠤᠷᠪᠤᠰ ᠲᠤᠭᠲᠠᠭᠠᠯ ᠪᠤᠯ 2012 ᠤᠨ ᠤ 12 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠳᠣᠪᠴᠢᠶᠠᠨ ᠤ ᠬᠤᠷᠠᠯ ᠠᠴᠠ ᠬᠢᠨᠠᠨ ᠵᠦᠪᠯᠡᠵᠦ ᠪᠠᠲᠤᠯᠠᠭᠰᠠᠨ ︽ᠠᠷᠪᠠᠨ ᠨᠠᠢᠮᠠᠳᠤᠭᠠᠷ ᠬᠤᠭᠤᠴᠠᠭᠠᠨ ᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠤᠯᠠᠨ ᠲᠦᠮᠡᠨ ᠲᠠᠢ ᠨᠢᠬᠲᠠ ᠬᠠᠷᠢᠯᠴᠠᠬᠤ ᠲᠤᠬᠠᠢ ᠨᠠᠢᠮᠠᠨ ᠵᠤᠷᠪᠤᠰ ᠲᠤᠭᠲᠠᠭᠠᠯ︾ ᠪᠤᠯᠤᠨ᠎ᠠ᠂ ᠡᠭᠦᠨ ᠳᠤ ᠭᠤᠤᠯᠳᠠᠭᠤ ᠪᠠᠶᠢᠴᠠᠭᠠᠨ ᠰᠤᠲᠤᠯᠤᠯᠲᠠ ᠬᠢᠭᠦ᠂ ᠬᠤᠷᠠᠯ ᠤᠨ ᠠᠵᠢᠯᠯᠠᠭ᠎ᠠ ᠶᠢ ᠴᠤᠮᠬᠠᠳᠬᠠᠬᠤ᠂ ᠪᠢᠴᠢᠭ ᠮᠠᠲ᠋ᠤᠷᠢᠶᠠᠯ ᠢ ᠴᠤᠮᠬᠠᠳᠬᠠᠬᠤ᠂ ᠠᠶᠢᠯᠴᠢᠯᠠᠨ ᠰᠤᠷᠪᠤᠯᠵᠢᠯᠠᠬᠤ ᠠᠵᠢᠯᠯᠠᠭ᠎ᠠ ᠶᠢ ᠵᠢᠷᠦᠮᠵᠢᠭᠦᠯᠬᠦ᠂ ᠰᠡᠷᠬᠡᠶᠢᠯᠡᠨ ᠬᠠᠮᠠᠭᠠᠯᠠᠬᠤ ᠠᠵᠢᠯ ᠢ ᠰᠠᠶᠢᠵᠢᠷᠠᠭᠤᠯᠬᠤ᠂ ᠰᠤᠨᠢᠨ ᠮᠡᠲᠡᠬᠡᠯᠡᠯ ᠢ ᠰᠠᠶᠢᠵᠢᠷᠠᠭᠤᠯᠬᠤ᠂ ᠡᠭᠡ ᠪᠢᠴᠢᠭ ᠤᠨ ᠨᠡᠶᠢᠳᠡᠯᠡᠯᠲᠡ ᠶᠢ ᠴᠢᠩᠭᠠᠳᠬᠠᠬᠤ᠂ ᠠᠵᠢᠯᠴᠢ ᠠᠷᠪᠢᠴᠢ ᠂ ᠠᠷᠪᠢᠯᠠᠨ ᠭᠠᠮᠨᠠᠬᠤ ᠶᠢ ᠡᠷᠬᠢᠮᠯᠡᠬᠦ ᠵᠡᠷᠬᠡ ᠨᠠᠢᠮᠠᠨ ᠵᠦᠢᠯ ᠢ ᠪᠠᠭᠲᠠᠭᠠᠨ᠂ ᠳᠦᠭᠦᠮᠴᠢᠯᠡᠭᠡᠳ ︽ᠲᠥᠪ ᠤᠨ ᠨᠠᠢᠮᠠᠨ ᠵᠤᠷᠪᠤᠰ ᠲᠣᠭᠲᠠᠭᠠᠯ︾ ᠭᠡᠵᠡᠢ᠃       ᠨᠠᠢᠮᠠᠨ ᠵᠤᠷᠪᠤᠰ ᠲᠣᠭᠲᠠᠭᠠᠯ ᠤᠨ ᠪᠤᠳᠠᠲᠤ ᠠᠭᠤᠯᠭ᠎ᠠ ᠳᠤ᠄       ︵1︶ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠦᠬᠦ ᠨᠥᠬᠦᠳ ᠪᠠᠶᠢᠴᠠᠭᠠᠨ ᠰᠤᠳᠤᠯᠤᠯᠲᠠ ᠬᠢᠬᠦ ᠪᠠᠨ ᠰᠠᠶᠢᠵᠢᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠤ ᠪᠠᠨ ᠪᠤᠳᠠᠲᠤ ᠪᠠᠶᠢᠳᠠᠯ ᠢ ᠭᠦᠨᠵᠡᠭᠡᠢ ᠤᠶᠢᠯᠠᠭᠠᠨ᠂ ᠲᠤᠷᠰᠢᠯᠭ᠎ᠠ ᠪᠠᠨ ᠳ᠋ᠦᠩᠨᠡᠵᠦ᠂ ᠠᠰᠠᠭᠤᠳᠠᠯ ᠢ ᠰᠤᠳᠤᠯᠤᠨ᠂ ᠬᠦᠴᠢᠷᠳᠡᠯ ᠢ ᠰᠢᠢᠳᠪᠦᠷᠢᠯᠡᠵᠦ᠂ ᠠᠵᠢᠯ ᠢ ᠵᠢᠯᠤᠭᠤᠳᠤᠨ᠂ ᠺᠠᠳ᠋ᠷ ᠤᠯᠠᠨ ᠲᠦᠮᠡᠨ ᠲᠠᠢ ᠪᠤᠳᠤᠯ ᠰᠠᠨᠠᠯ ᠢᠶᠠᠨ ᠢᠯᠡᠭᠦᠬᠡᠨ ᠰᠤᠯᠢᠯᠴᠠᠵᠤ᠂ ᠬᠦᠴᠢᠷ ᠪᠡᠷᠬᠡᠰᠢᠶᠡᠯ᠂ ᠵᠥᠷᠢᠴᠡᠯ ᠮᠦᠷᠭᠦᠯᠳᠦᠭᠡᠨ ᠪᠤᠯᠤᠨ ᠤᠯᠠᠨ ᠲᠦᠮᠡᠨ ᠤ ᠰᠠᠨᠠᠯ ᠲᠦᠪᠯᠡᠷᠡᠭᠰᠡᠨ ᠭᠠᠵᠠᠷ ᠲᠤ ᠢᠯᠡᠭᠦᠬᠡᠨ ᠭᠦᠨᠵᠡᠭᠡᠶᠢᠷᠡᠵᠦ᠂ ᠠᠵᠢᠯ ᠤᠨ ᠲᠠᠯ᠎ᠠ ᠪᠠᠷ ᠠᠯᠠᠩ ᠰᠠᠯᠠᠩ ᠪᠤᠯᠤᠨ ᠬᠡᠯᠪᠡᠷᠢᠴᠢ ᠦᠵᠡᠯ ᠭᠠᠷᠭᠠᠬᠤ ᠶᠢ ᠡᠷᠡᠰ ᠴᠡᠭᠡᠷᠯᠡᠬᠦ ᠬᠡᠷᠡᠭᠲᠡᠢ︔ ᠳᠦᠭᠦᠮ ᠳᠦᠳᠡ᠂ ᠴᠢᠨᠠᠷ ᠴᠢᠨᠰᠠᠭ᠎ᠠ ᠶᠢ ᠬᠦᠨᠳᠦᠳᠭᠡᠨ᠂ ᠵᠤᠴᠢᠯᠠᠭ᠎ᠠ ᠪᠠᠨ ᠳᠦᠭᠦᠮᠴᠢᠯᠡᠵᠦ᠂ ᠤᠷᠢᠶ᠎ᠠ ᠯᠣᠽᠦ᠋ᠩ ᠨᠠᠭᠠᠬᠤ ᠦᠭᠡᠢ᠂ ᠤᠯᠠᠨ ᠲᠦᠮᠡᠨ ᠤ ᠤᠭᠲᠤᠯᠭ᠎ᠠ ᠪᠤᠯᠤᠨ ᠬᠦᠷᠭᠡᠯᠭᠡ ᠲᠤᠬᠢᠷᠠᠭᠤᠯᠬᠤ ᠦᠭᠡᠢ᠂ ᠬᠤᠸᠠᠷ ᠴᠡᠴᠡᠭ ᠲᠠᠯᠪᠢᠬᠤ ᠦᠭᠡᠢ᠂ ᠳᠠᠶᠢᠯᠠᠯᠭ᠎ᠠ ᠴᠠᠶᠢᠯᠠᠯᠭ᠎ᠠ ᠲᠤᠬᠢᠷᠠᠭᠤᠯᠬᠤ ᠦᠭᠡᠢ᠃       ︵2︶ ᠬᠤᠷᠠᠯ ᠤᠨ ᠠᠵᠢᠯ ᠢ ᠴᠣᠮᠬᠠᠳᠬᠠᠵᠤ᠂ ᠬᠤᠷᠠᠯ ᠤᠨ ᠰᠤᠷᠲᠠᠯ ᠢ ᠦᠨᠡᠨ ᠬᠦ ᠰᠠᠶᠢᠵᠢᠷᠠᠭᠤᠯᠤᠨ᠂ ᠲᠥᠪ ᠬᠤᠷᠢᠶᠠᠨ ᠤ ᠨᠡᠷ᠎ᠡ ᠪᠠᠷ ᠬᠤᠷᠠᠯᠳᠤᠭᠤᠯᠤᠭᠰᠠᠨ ᠡᠯ᠎ᠡ ᠲᠥᠷᠥᠯ ᠤᠨ ᠬᠤᠷᠠᠯ ᠪᠠ ᠴᠢᠬᠤᠯᠠ ᠶᠡᠭᠡ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠠᠵᠢᠯ ᠪᠠᠶᠢᠷᠢᠯᠠᠭᠤᠯᠬᠤ ᠪᠠ ᠱᠠᠭᠠᠷᠳᠠᠯᠭ᠎ᠠ ᠳᠤᠷᠠᠳᠬᠤ ᠬᠤᠷᠠᠯ ᠢ ᠤᠳᠠᠭ᠎ᠠ ᠪᠤᠯᠭᠠᠨ ᠬᠢᠬᠦ ᠦᠭᠡᠢ᠂ ᠲᠥᠪ ᠤᠨ ᠵᠥᠪᠰᠢᠶᠡᠷᠡᠯ ᠦᠭᠡᠢ ᠪᠠᠷ ᠡᠯ᠎ᠡ ᠲᠥᠷᠥᠯ ᠤᠨ ᠳᠣᠤᠵᠠ ᠬᠠᠶᠢᠴᠢᠯᠠᠬᠤ᠂ ᠪᠠᠶᠠᠷ ᠳᠤᠷᠠᠰᠬᠠᠯ᠂ ᠦᠵᠡᠰᠬᠦᠯᠡᠩ ᠤᠨ ᠴᠤᠭᠯᠠᠭᠠᠨ᠂ ᠰᠤᠳᠤᠯᠤᠨ ᠶᠠᠷᠢᠯᠴᠠᠬᠤ ᠵᠡᠷᠭᠡ ᠡᠯ᠎ᠡ ᠲᠥᠷᠥᠯ ᠤᠨ ᠬᠤᠷᠠᠯ ᠴᠤᠭᠯᠠᠭ᠎ᠠ ᠳᠤ ᠳᠤᠷ᠎ᠠ ᠪᠠᠷ ᠤᠷᠤᠯᠴᠠᠵᠤ ᠪᠤᠯᠬᠤ ᠦᠭᠡᠢ︔ ᠬᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠬᠤᠷ ᠬᠤᠷᠠᠯ ᠬᠢᠵᠦ᠂ ᠣᠬᠤᠷ ᠶᠠᠷᠢᠶ᠎ᠠ ᠲᠠᠯᠪᠢᠨ᠂ ᠬᠤᠭᠤᠰᠣᠨ ᠦᠭᠡ ᠬᠡᠯᠡᠬᠦ ᠶᠢ ᠴᠢᠩᠭ᠎ᠠ ᠴᠡᠭᠡᠷᠯᠡᠬᠦ ᠬᠡᠷᠡᠭᠲᠡᠶ᠃       ︵3︶ ᠪᠢᠴᠢᠭ ᠮᠠᠲ᠋ᠧᠷᠢᠶᠠᠯ ᠂ ᠲᠣᠪᠴᠢ ᠮᠡᠳᠡᠭᠡ ᠶᠢ ᠴᠤᠮᠬᠠᠳᠬᠠᠬᠤ ᠬᠡᠷᠡᠭᠲᠡᠶ᠃       ︵4︶ ᠭᠠᠳᠠᠭᠠᠳᠤ ᠳᠤ ᠠᠶᠢᠯᠴᠢᠯᠠᠬᠤ ᠠᠵᠢᠯᠯᠠᠭ᠎ᠠ ᠶᠢ ᠵᠢᠷᠦᠮᠵᠢᠭᠦᠯᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ ᠬᠡᠷᠡᠭᠴᠡᠭᠡ ᠠᠴᠠ ᠡᠭᠦᠰᠴᠦ ᠭᠠᠳᠠᠭᠰᠢ ᠠᠶᠢᠯᠴᠢᠯᠠᠬᠤ ᠠᠵᠢᠯᠯᠠᠭ᠎ᠠ ᠶᠢ ᠵᠦᠶ ᠵᠣᠬᠢᠰᠲᠠᠶ ᠳᠣᠭᠢᠷᠠᠭᠤᠯᠤᠨ᠂ ᠭᠠᠳᠠᠭᠠᠳᠤ ᠳᠤ ᠠᠶᠢᠯᠴᠢᠯᠠᠬᠤ ᠳᠠᠭᠠᠯᠲᠠ ᠬᠥᠮᠦᠰ ᠢ ᠴᠢᠩᠭ᠎ᠠ ᠬᠢᠵᠠᠭᠠᠷᠯᠠᠵᠤ᠂ ᠲᠣᠭᠲᠠᠭᠠᠯ ᠳᠤ ᠨᠡᠶᠢᠴᠡᠭᠰᠡᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠶᠢ ᠴᠢᠩᠭ᠎ᠠ ᠵᠢᠷᠤᠮᠯᠠᠨ᠂ ᠡᠩ ᠤᠨ ᠪᠠᠶᠢᠳᠠᠯ ᠳᠤ ᠳᠤᠮᠳᠠᠳᠤ ᠶᠢᠨ ᠬᠦᠮᠦᠨ ᠤ ᠪᠡᠯᠡ ᠤᠷᠤᠭᠤᠯᠤᠭᠰᠠᠨ ᠪᠠᠶᠢᠭᠤᠯᠤᠮᠵᠢ᠂ ᠳᠤᠮᠳᠠᠳᠤ ᠶᠢᠨ ᠬᠠᠷᠢᠶᠠᠲᠤ᠂ ᠭᠠᠳᠠᠭᠠᠳᠤ ᠳᠤ ᠰᠤᠷᠤᠯᠴᠠᠭ᠎ᠠ ᠰᠤᠷᠤᠭᠴᠢᠳ ᠤᠨ ᠲᠥᠯᠥᠭᠡᠯᠡᠭᠴᠢ ᠵᠡᠷᠭᠡ ᠬᠦᠮᠦᠰ ᠢᠶᠠᠷ ᠨᠢᠰᠬᠡᠯ ᠤᠨ ᠪᠠᠭᠤᠳᠠᠯ ᠳᠤ ᠤᠭᠲᠤᠵᠤ ᠬᠦᠷᠭᠡᠯᠭᠡᠵᠦ ᠪᠤᠯᠬᠤ ᠦᠭᠡᠢ᠃      ︵5︶ ᠰᠡᠷᠭᠡᠶᠢᠯᠡᠨ ᠬᠠᠮᠠᠭᠠᠯᠠᠬᠤ ᠠᠵᠢᠯ ᠢ ᠬᠠᠯᠠᠨ ᠰᠠᠶᠢᠵᠢᠷᠠᠭᠤᠯᠵᠤ᠂ ᠣᠯᠠᠨ ᠲᠦᠮᠡᠨ ᠲᠠᠢ ᠬᠠᠷᠢᠯᠴᠠᠬᠤ ᠳᠤ ᠠᠰᠢᠭᠲᠠᠶ ᠪᠠᠶᠢᠯᠭᠠᠬᠤ ᠵᠠᠷᠴᠢᠮ ᠢ ᠪᠠᠷᠢᠮᠲᠠᠯᠠᠨ᠂ ᠵᠠᠮ ᠬᠠᠷᠢᠯᠴᠠᠭᠠᠨ ᠤ ᠬᠢᠨᠠᠨ ᠬᠠᠮᠢᠶᠠᠷᠤᠯᠲᠠ ᠶᠢ ᠪᠠᠭᠠᠰᠬᠠᠵᠤ᠂ ᠡᠩ ᠤᠨ ᠪᠠᠶᠢᠳᠠᠯ ᠳᠣᠤᠷ᠎ᠠ ᠵᠠᠮ ᠢ ᠪᠢᠲᠡᠭᠦᠮᠵᠢᠯᠡᠵᠦ ᠪᠣᠯᠬᠤ ᠦᠭᠡᠶ᠃       ︵6︶ ᠰᠣᠨᠢᠨ ᠮᠡᠳᠡᠭᠡᠨ ᠤ ᠮᠡᠳᠡᠭᠡᠯᠡᠯ ᠢᠶᠠᠨ ᠰᠠᠶᠢᠵᠢᠷᠠᠭᠤᠯᠵᠤ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠨᠥᠬᠦᠳ ᠬᠤᠷᠠᠯ ᠪᠤᠶᠤ ᠠᠵᠢᠯᠯᠠᠭ᠎ᠠ ᠳᠤ ᠣᠷᠣᠯᠴᠠᠬᠤ ᠳᠠᠭᠠᠨ ᠠᠵᠢᠯ ᠤᠨ ᠬᠡᠷᠡᠭᠴᠡᠭᠡ᠂ ᠰᠣᠨᠢᠨ ᠮᠡᠳᠡᠭᠡᠨ ᠤ ᠦᠨ᠎ᠡ ᠥᠷᠲᠡᠭ᠂ ᠨᠡᠶᠢᠭᠡᠮ ᠤᠨ ᠦᠷ᠎ᠡ ᠪᠦᠲᠦᠮᠵᠢ ᠶᠢ ᠦᠨᠳᠦᠰᠦᠯᠡᠨ ᠮᠡᠳᠡᠭᠡᠯᠡᠬᠦ ᠡᠰᠡᠬᠦ ᠶᠢ ᠲᠣᠭᠲᠠᠭᠠᠵᠤ᠂ ᠮᠡᠳᠡᠭᠡᠯᠡᠯ ᠤᠨ ᠲᠤᠭ᠎ᠠ᠂ ᠦᠰᠦᠭ ᠤᠨ ᠲᠤᠭ᠎ᠠ᠂ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠪᠠᠭᠠᠰᠬᠠᠬᠤ ᠬᠡᠷᠡᠭᠲᠡᠶ᠃       ︵7︶ ᠡᠬᠡ ᠪᠢᠴᠢᠭ ᠨᠡᠶᠢᠲᠡᠯᠡᠬᠦ ᠪᠠᠨ ᠴᠢᠩᠳᠠᠯᠠᠵᠤ᠂ ᠲᠥᠪ ᠤᠨ ᠨᠢᠭᠡᠳᠦᠯᠲᠡᠶ ᠳᠤᠬᠢᠷᠠᠭᠤᠯᠤᠯᠲᠠ ᠦᠭᠡᠢ ᠪᠠᠷ᠂ ᠬᠤᠪᠢ ᠬᠥᠮᠦᠨ ᠢᠯᠡ ᠪᠠᠷ ᠵᠤᠬᠢᠶᠠᠨ ᠪᠦᠲᠦᠭᠡᠯᠭᠡ᠂᠂ ᠶᠠᠷᠢᠶ᠎ᠠ ᠢᠯᠡᠳᠭᠡᠯ ᠤᠨ ᠳᠡᠪᠲᠡᠷ ᠬᠡᠪᠯᠡᠭᠦᠯᠵᠦ ᠪᠤᠯᠬᠤ ᠦᠭᠡᠢ᠂᠂ ᠪᠠᠶᠠᠷ ᠤᠨ ᠵᠠᠬᠢᠳᠠᠯ ᠶᠠᠪᠤᠭᠤᠯᠵᠤ ᠪᠤᠯᠬᠤ ᠦᠭᠡᠶ᠂ ᠪᠢᠴᠢᠭᠡᠰᠦ ᠪᠢᠴᠢᠵᠦ ᠪᠤᠯᠬᠤ ᠦᠭᠡᠢ᠃      ︵8︶ ᠠᠵᠢᠯᠴᠢ ᠠᠷᠪᠢᠴᠢ᠂ ᠠᠷᠪᠢᠯᠠᠨ ᠭᠠᠮᠨᠠᠬᠤ ᠵᠠᠩ ᠰᠤᠷᠲᠠᠯ ᠢ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠣᠷᠣᠨ ᠰᠠᠭᠤᠴᠠ᠂ ᠲᠡᠷᠭᠡ ᠬᠥᠰᠬᠡ ᠲᠣᠬᠢᠷᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠪᠠ ᠠᠮᠢᠳᠤᠷᠠᠯ ᠤᠨ ᠬᠠᠷᠠᠭᠠᠯᠵᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃       ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠨᠢ ᠶᠠᠭᠤ ᠪᠤᠢ︖       ᠲᠦᠪ ᠤᠨ ᠨᠠᠢᠮᠠᠨ ᠵᠤᠷᠪᠤᠰ ᠳᠣᠬᠲᠠᠭᠠᠯ ᠭᠠᠷᠤᠭᠰᠠᠨ ᠤ ᠲᠠᠷᠠᠭ᠎ᠠ᠂ ᠲᠦᠪ ᠤᠨ ᠡᠯ᠎ᠠ ᠰᠠᠯᠠᠭ᠎ᠠ ᠮᠦᠴᠢᠷ ᠪᠤᠯᠣᠠ ᠪᠦᠬᠦ ᠤᠯᠤᠰ ᠤᠨ ᠡᠯ᠎ᠠ ᠭᠠᠵᠠᠷ ᠤᠨ ᠬᠢᠨ ᠦᠪᠡᠷ ᠤᠨ ᠪᠤᠲᠠᠲᠤ ᠪᠠᠶᠢᠳᠠᠯ ᠳᠠᠭᠠᠨ ᠲᠤᠬᠢᠷᠠᠭᠤᠯᠤᠨ᠂ ᠣᠪᠤᠷ ᠰᠣᠷᠲᠠᠯ ᠢᠶᠠᠨ ᠰᠠᠶᠢᠵᠢᠷᠠᠭᠤᠯᠬᠤ ᠠᠯᠢ ᠣᠯᠠᠨ ᠳᠦᠷᠢᠮ ᠳᠣᠬᠲᠠᠭᠠᠯ ᠳᠣᠬᠲᠠᠭᠠᠵᠤ᠂ ᠲᠦᠪ ᠤᠨ ᠨᠠᠢᠮᠠᠨ ᠵᠤᠷᠪᠤᠰ ᠳᠣᠬᠲᠠᠭᠠᠯ ᠤᠨ ᠵᠣᠷᠢᠭ ᠰᠠᠨᠠᠭ᠎ᠠ ᠶᠢ ᠲᠠᠰᠣᠷᠠᠯᠲᠠ ᠣᠢᠭᠡᠢ ᠨᠠᠷᠢᠯᠢᠭᠵᠢᠭᠤᠯᠤᠨ ᠦᠷᠭᠡᠳᠭᠡᠵᠦ᠂ ᠣᠪᠤᠷ ᠰᠣᠷᠲᠠᠯ ᠤᠨ ᠪᠠᠶᠢᠭᠤᠯᠤᠯᠲᠠ ᠪᠠᠨ ᠤᠯᠠᠮ ᠪᠠᠬᠢᠵᠢᠭᠦᠯᠦᠭᠰᠡᠨ ᠪᠠᠶᠢᠨ᠎ᠠ᠃      ᠲᠦᠪ ᠤᠨ ᠨᠠᠢᠮᠠᠨ ᠵᠤᠷᠪᠤᠰ ᠲᠤᠭᠲᠠᠭᠠᠯ ᠨᠢ ᠬᠡᠳᠦ᠋ᠢᠪᠡᠷ ᠲᠦᠪ ᠤᠨ ᠤᠯᠤᠰ ᠲᠦᠷᠥ ᠶᠢᠨ ᠲᠤᠪᠴᠢᠶᠠᠨ ᠳᠤ ᠲᠤᠷᠠᠲᠤᠭᠰᠠᠨ ᠱᠠᠭᠠᠷᠲᠠᠯᠭ᠎ᠠ ᠪᠤᠯᠪᠠᠴᠤ᠂ ᠲᠦᠪ ᠤᠨ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠪᠤᠯ ᠪᠦᠭᠦ ᠨᠠᠮ ᠤᠨ ᠬᠡᠰᠢᠭᠦᠳ ᠲᠤ ᠲᠠᠯᠪᠢᠭᠰᠠᠨ ᠴᠢᠩᠭ᠎ᠠ ᠱᠠᠭᠠᠷᠲᠠᠯᠭ᠎ᠠ ᠪᠠᠶᠢᠵᠤ᠂ ᠲᠡᠬᠡᠲᠤ ᠱᠠᠲᠦ ᠨᠢ ᠳᠤᠤᠷᠠᠲᠤ ᠱᠠᠲᠤ ᠪᠠᠨ ᠲᠠᠶᠢᠴᠢᠯᠠᠵᠤ ᠪᠠᠶᠢᠭ᠎ᠠ ᠵᠤᠷᠢᠭ ᠰᠠᠨᠠᠭ᠎ᠠ ᠶᠢ ᠬᠠᠷᠠᠭᠤᠯᠵᠤ ᠪᠠᠶᠢᠳᠠᠭ ᠮᠦᠷᠲᠡᠭᠡᠨ ᠲᠣᠰ ᠲᠤᠭᠲᠠᠭᠠᠯ ᠤᠨ ᠠᠭᠤᠯᠭ᠎ᠠ ᠳᠤ ᠨᠡᠶᠢᠴᠡᠭᠰᠡᠨ ᠠᠯᠢ ᠤᠯᠠᠨ ᠲᠦᠷᠥ ᠶᠢᠨ ᠪᠤᠲᠤᠯᠭ᠎ᠠ ᠂ ᠲᠦᠷᠢᠮ ᠲᠤᠭᠲᠠᠭᠠᠯ ᠤᠨ ᠨᠢᠬᠡᠲᠦᠯᠲᠡᠢ ᠨᠡᠷᠡᠶᠢᠳᠦᠯ ᠪᠤᠯᠬᠤ ᠶᠤᠮ᠃      ᠲᠡᠭᠡᠪᠡᠯ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠦᠷᠢᠴᠡᠭᠰᠡᠨ ᠪᠤᠳᠠᠲᠤ ᠢᠯᠡᠷᠡᠯ ᠶᠠᠮᠠᠷ ᠶᠠᠮᠠᠷ ᠪᠠᠶᠢᠳᠠᠭ ᠪᠤᠢ ᠭᠡᠪᠡᠯ᠄ ᠨᠢᠭᠡ ᠲᠥᠷᠥᠯ ᠨᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠪᠠᠶᠢᠵᠤ᠂ ᠨᠦᠭᠦᠭᠡ ᠨᠢᠭᠡ ᠲᠥᠷᠥᠯ ᠨᠢ ᠵᠢᠷᠭᠠᠨ ᠴᠡᠩᠬᠡᠵᠦ᠂ ᠱᠠᠯᠢᠨ ᠪᠦᠷᠢᠯᠭᠡᠬᠦ ᠰᠤᠷᠲᠠᠯ ᠤᠨ ᠠᠰᠠᠭᠤᠳᠠᠯ ᠪᠣᠯᠤᠨ᠎ᠠ      ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ᠄       ︵1︶ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠭᠡᠢ᠂ ᠡᠰᠡᠬᠦᠯ᠎ᠡ ᠬᠡᠢ ᠬᠤᠭᠤᠰᠤᠨ ᠪᠠᠷᠬᠢᠷᠠᠵᠤ᠂ ᠪᠣᠳᠠᠲᠠᠢ ᠠᠴᠠ ᠰᠠᠯᠤᠩᠬᠢᠷᠠᠨ᠂ ᠤᠯᠠᠨ ᠲᠦᠮᠡᠨ ᠠᠴᠠ ᠬᠥᠨᠳᠡᠶᠢᠷᠡᠵᠦ᠂ ᠬᠦᠨᠳᠦ ᠨᠣᠴᠢᠲᠠᠢ ᠦᠷ᠎ᠡ ᠳ᠋ᠦᠩ ᠭᠠᠷᠭᠠᠬᠤ      ︵2︶ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠦᠢᠯᠡᠴᠢᠯᠡᠬᠦ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠪᠤᠳᠠᠲᠤ ᠠᠵᠢᠯ ᠬᠢᠬᠦ ᠦᠭᠡᠢ᠂ ᠡᠰᠡᠬᠦᠯ᠎ᠡ ᠰᠠᠨᠠᠭᠠᠨ ᠳᠤᠷ᠎ᠠ ᠪᠠᠷ ᠢᠶᠠᠨ ᠬᠢᠬᠦ ᠪᠤᠶᠤ ᠬᠠᠭᠤᠷᠮᠠᠭ ᠢᠶᠠᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠬᠦᠨᠳᠦ ᠨᠣᠴᠢᠲᠠᠢ ᠨᠥᠯᠥᠭᠡᠯᠡᠬᠦ︔       ︵3︶ ᠣᠯᠠᠨ ᠲᠦᠮᠡᠨ ᠲᠠᠢ ᠬᠠᠷᠢᠯᠴᠠᠬᠤ ᠳᠤᠮᠳᠠ ᠨᠠᠵᠠᠭᠠᠢ ᠪᠠᠷ ᠠᠷᠭᠠᠴᠠᠭᠠᠵᠤ᠂ ᠬᠦᠢᠲᠡᠮᠰᠦᠭ ᠬᠠᠨᠲᠤᠨ ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠭᠠᠷᠬᠤ︔       ︵4︶ ᠪᠢᠴᠢᠭ ᠮᠠᠲ᠋ᠧᠷᠢᠶᠠᠯ᠂ ᠬᠤᠷᠠᠯ ᠴᠤᠭᠯᠠᠭ᠎ᠠ ᠤᠯᠠᠰᠢᠷᠠᠨ᠂ ᠰᠤᠷᠲᠠᠯ ᠲᠥᠪ ᠪᠤᠰᠤ ᠪᠠᠶᠢᠵᠤ᠂ ᠬᠢᠨᠠᠨ ᠪᠠᠶᠢᠴᠠᠭᠠᠵᠤ ᠬᠢᠨᠠᠨ ᠰᠢᠯᠭᠠᠬᠤ ᠠᠵᠢᠯ ᠬᠡᠳᠦᠷᠬᠡᠢ ᠤᠯᠠᠳᠤᠨ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ︔      ᠵᠢᠷᠭᠠᠨ ᠴᠡᠩᠬᠡᠵᠦ᠂ ᠱᠠᠯᠢᠨ ᠪᠦᠷᠢᠯᠭᠡᠬᠦ ᠰᠤᠷᠲᠠᠯ ᠤᠨ ᠠᠰᠠᠭᠤᠳᠠᠯ᠄      ︵1︶ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠬᠤᠷᠢᠶᠠᠬᠤ ᠪᠤᠶᠤ ᠪᠡᠯᠡᠭ ᠰᠡᠯᠳᠡ ᠬᠦᠷᠭᠡᠬᠦ      ︵2︶ ᠲᠤᠭᠲᠠᠭᠠᠯ ᠠᠴᠠ ᠵᠦᠷᠢᠴᠡᠨ ᠢᠲᠡᠵᠤ ᠤᠤᠭᠤᠬᠤ᠂ ︵ᠡᠭᠦᠨ ᠳᠤ ᠲᠤᠭᠲᠠᠭᠠᠯ ᠠᠴᠠ ᠵᠦᠷᠢᠴᠡᠨ ᠠᠯᠪᠡᠨ ᠤ ᠵᠤᠭᠤᠰ ᠢᠶᠠᠷ ᠢᠲᠡᠵᠤ ᠤᠤᠭᠤᠬᠤ᠂ ᠲᠤᠭᠲᠠᠭᠠᠯ ᠠᠴᠠ ᠵᠦᠷᠢᠴᠡᠨ ᠬᠠᠮᠢᠶᠠᠷᠤᠯᠲᠠ ᠪᠠ ᠦᠢᠯᠡᠴᠢᠯᠡᠬᠡᠨ ᠤ ᠡᠲᠡᠬᠡᠳ ᠢ ᠬᠦᠯᠢᠶᠡᠨ ᠠᠪᠬᠤ ᠵᠡᠷᠬᠡ ᠪᠠᠭᠲᠠᠨ᠎ᠠ᠃︶      ︵3︶ ᠲᠦᠷᠢᠮ ᠲᠣᠭᠲᠠᠭᠠᠯ ᠢ ᠵᠥᠷᠢᠴᠡᠨ ᠬᠤᠷᠢᠮ ᠪᠠᠶᠠᠷ᠂ ᠪᠡᠯᠪᠡᠰᠦᠷᠡᠯ ᠤᠨ ᠠᠵᠢᠯᠯᠠᠭ᠎ᠠ ᠡᠷᠭᠢᠯᠡᠬᠦ︔      ︵4︶ ᠳᠦᠷᠢᠮ ᠠᠴᠠ ᠵᠦᠷᠢᠴᠡᠨ ᠨᠥᠬᠦᠪᠥᠷᠢ ᠮᠥᠩᠭᠦ ᠥᠭᠬᠦ ᠪᠤᠶᠤ ᠠᠰᠠᠷᠠᠮᠵᠢ ᠣᠯᠭᠤᠬᠤ︔     ︵5︶ ᠠᠯᠪᠠᠨ ᠤ ᠵᠣᠭᠤᠰ ᠢᠶᠠᠷ ᠵᠢᠭᠤᠯᠴᠢᠯᠠᠬᠤ ᠪᠤᠯᠤᠨ ᠲᠣᠭᠲᠠᠭᠠᠯ ᠢ ᠵᠥᠷᠢᠴᠡᠨ ᠪᠤᠰᠤᠳ ᠬᠦᠮᠦᠨ ᠤ ᠵᠢᠭᠤᠯᠴᠢᠯᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠦᠯᠢᠶᠡᠨ ᠠᠪᠬᠤ︔      ︵6︶ ᠪᠤᠰᠤᠳ ᠵᠦᠢᠯ ︵ᠡᠭᠦᠨ ᠳᠤ ᠲᠤᠭᠲᠠᠭᠠᠯ ᠠᠴᠠ ᠵᠦᠷᠢᠴᠡᠨ ᠠᠯᠪᠠᠨ ᠤ ᠮᠠᠰᠢᠨ ᠲᠡᠷᠭᠡ᠂ ᠠᠰᠠᠷ ᠲᠠᠩᠬᠢᠮ᠂ ᠪᠠᠭᠤᠳᠠᠯ ᠭᠠᠵᠠᠷ ᠲᠣᠬᠢᠷᠠᠭᠤᠯᠬᠤ ᠪᠠ ᠬᠡᠷᠡᠭᠯᠡᠬᠦ᠂ ᠪᠠᠷᠢᠮᠵᠢᠶ᠎ᠠ ᠠᠴᠠ ᠬᠡᠲᠦᠷᠡᠭᠦᠯᠦᠨ ᠵᠤᠴᠢᠯᠠᠬᠤ ᠪᠤᠶᠤ ᠵᠤᠴᠢᠯᠠᠭ᠎ᠠ ᠬᠦᠯᠢᠶᠡᠨ ᠠᠪᠬᠤ᠂ ᠠᠯᠪᠠᠨ ᠤ ᠵᠣᠭᠤᠰ ᠢᠶᠠᠷ ᠳᠡᠭᠡᠳᠦ ᠳᠡᠰ ᠤᠨ ᠵᠤᠭ᠎ᠠ ᠴᠡᠩᠭᠡᠯ ᠤᠨ ᠭᠠᠵᠠᠷ ᠤᠴᠢᠬᠤ᠂ ᠲᠣᠭᠲᠠᠭᠠᠯ ᠠᠴᠠ ᠵᠥᠷᠢᠴᠡᠨ ᠬᠤᠪᠢ ᠬᠥᠮᠦᠨ ᠤ ᠵᠤᠴᠢᠯᠠᠭ᠎ᠠ ᠶᠢᠨ ᠭᠠᠵᠠᠷ ᠤᠴᠢᠬᠤ᠂ ᠤᠳᠤᠷᠢᠳᠬᠤ ᠺᠠᠳ᠋ᠷᠴᠤᠳ ᠤᠨ ᠣᠷᠣᠨ ᠰᠠᠭᠤᠴᠠ ᠲᠣᠭᠲᠠᠭᠠᠯ ᠠᠴᠠ ᠵᠥᠷᠢᠴᠡᠭᠰᠡᠨ ᠵᠡᠷᠭᠡ ᠠᠵᠢᠯᠯᠠᠭ᠎ᠠ ᠶᠢ ᠪᠠᠭᠲᠠᠭᠠᠨ᠎ᠠ᠃︶
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号