ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠬᠦ ᠬᠤᠰᠢᠭᠤᠨ ᠤ ᠬᠡᠪᠴᠢᠶᠡᠨ ᠳᠤ ᠪᠦᠬᠦ ᠵᠢᠯ ᠢᠶᠠᠷ ᠠᠩᠨᠠᠬᠤ ᠶᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2025/5/6
     ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄      ᠬᠡᠭᠡᠷ᠎ᠡ ᠶᠢᠨ ᠠᠮᠢᠲᠠᠨ ᠤ ᠦᠷᠡᠵᠢᠵᠥ ᠲᠦᠯᠵᠢᠬᠦ ᠬᠠᠮᠢᠶᠠᠷᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ ᠠᠩᠨᠠᠬᠤ ᠶᠢ ᠪᠦᠲᠦᠮᠵᠢᠲᠡᠢ ᠬᠤᠷᠢᠭᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠡᠭᠡᠷ᠎ᠡ ᠶᠢᠨ ᠠᠮᠢᠲᠠᠨ ᠢ ᠠᠩᠨᠠᠬᠤ ᠶᠢ ᠴᠠᠭᠠᠵᠠᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      1᠂ ᠣᠩᠨᠢᠭᠤᠳ ᠬᠤᠰᠢᠭᠤᠨ ᠤ ᠵᠠᠰᠠᠭ ᠵᠠᠬᠢᠷᠭᠠᠨ ᠤ ᠣᠷᠣᠨ  ᠳᠤ  ᠪᠥᠬᠦ ᠵᠢᠯ  ᠢᠶᠠᠷ  ᠠᠩᠨᠠᠬᠤ ᠶᠢ ᠴᠠᠭᠠᠵᠠᠯᠠᠨ᠎ᠠ᠃      2᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠨᠡᠷᠡᠰ ᠤᠨ ᠵᠢᠭᠰᠠᠭᠠᠯᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠠᠮᠢᠲᠠᠨ ᠤ ᠨᠡᠷᠡᠰ ᠤᠨ ᠵᠢᠭᠰᠠᠭᠠᠯᠲᠠ   ᠳᠤ ᠤᠷᠤᠭᠰᠠᠨ ᠬᠡᠭᠡᠷ᠎ᠡ ᠶᠢᠨ ᠠᠮᠢᠲᠠᠨ᠂ ᠴᠢᠬᠤᠯᠠ ᠠᠮᠢ ᠠᠬᠤᠶ᠂ ᠰᠢᠨᠵᠢᠯᠡᠬᠦ ᠤᠬᠠᠭᠠᠨ᠂ ᠨᠡᠶᠢᠭᠡᠮ ᠤᠨ ᠦᠨ᠎ᠡ ᠥᠷᠲᠡᠭ ᠲᠠᠢ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ  ᠠᠩᠨᠠᠬᠤ ᠶᠢ  ᠴᠠᠭᠠᠵᠠᠯᠠᠨ᠎ᠠ᠃      3᠂ ᠢᠷᠳᠡᠨ ᠤ  ᠲᠦᠷᠥᠯ᠂ ᠦᠪᠡᠷ ᠢᠶᠠᠨ ᠬᠢᠭᠰᠡᠨ ᠠᠪᠠ ᠶᠢᠨ  ᠬᠡᠷᠡᠭᠰᠡᠯ ᠪᠠ ᠬᠠᠤᠯᠢ ᠴᠠᠭᠠᠵᠠ ᠬᠠᠤᠯᠢ ᠲᠤᠭᠲᠠᠭᠠᠯ ᠳᠤ ᠲᠤᠭᠳᠠᠭᠰᠠᠨ  ᠠᠪᠠ ᠳᠤ ᠭᠡᠷᠡᠭᠯᠡᠬᠦ ᠶᠢ  ᠴᠠᠭᠠᠵᠠᠯᠠᠭᠰᠠᠨ ᠪᠠᠭᠠᠵᠢ ᠬᠡᠷᠡᠭᠰᠡᠯ ︵ᠡᠭᠦᠨ ᠳᠤ ᠴᠡᠷᠢᠭ ᠤᠨ ᠵᠠᠪᠰᠡᠭ᠂ ᠪᠡᠶ᠎ᠡ ᠲᠠᠮᠢᠷ ᠤᠨ ᠬᠦᠳᠡᠯᠭᠡᠭᠡᠨ ᠳᠤ ᠬᠡᠷᠡᠭᠯᠡᠬᠦ ᠫᠤᠤ ᠵᠡᠪᠰᠡᠭ᠂ ᠬᠤᠤᠷᠳᠦ ᠡᠮ᠂ ᠳᠡᠯᠪᠡᠷᠡᠬᠦ ᠪᠤᠳᠠᠰ᠂ ᠴᠠᠬᠢᠯᠭᠠᠨ ᠴᠤᠬᠢᠯᠲᠠ ᠪᠤᠶᠤ  ᠡᠯᠧᠺᠲᠷᠤᠨ ᠦᠳᠦᠭᠡᠯᠭᠡ ᠶᠢᠨ ᠲᠤᠨᠤᠭᠯᠠᠯ᠂ ᠠᠪᠠ ᠶᠢᠨ ᠬᠠᠪᠳᠠᠰᠦ᠂ ᠠᠪᠠ ᠶᠢᠨ ᠤᠷᠬ᠎ᠠ᠂  ᠶᠠᠪᠠᠭᠠᠨ ᠫᠤᠤ᠂ ᠬᠤᠯᠬᠤᠪᠴᠢ᠂ ᠨᠤᠮᠤ ᠰᠤᠮᠤ ᠪᠠ  ᠮᠠᠰᠢᠨ ᠮᠧᠬᠠᠨᠢᠭ ᠤᠨ ᠬᠦᠳᠡᠯᠭᠡᠬᠦ ᠬᠦᠴᠥᠨ ᠲᠠᠢ  ᠲᠤᠨᠤᠭ ᠲᠦᠭᠦᠭᠡᠷᠦᠮᠵᠢ ᠵᠡᠷᠭᠡ ᠪᠠᠭᠠᠵᠢ ᠬᠡᠷᠡᠭᠰᠡᠯ ᠪᠠᠭᠳᠠᠨ᠎ᠠ︶  ᠢ ᠬᠡᠷᠡᠭᠯᠡᠵᠥ ᠠᠩᠨᠠᠬᠤ ᠶᠢ ᠴᠠᠭᠠᠵᠠᠯᠠᠨ᠋ ᠎ᠠ  ᠃      4᠂ ᠠᠪᠠ ᠶᠢᠨ ᠨᠤᠬᠠᠢ ᠂ ᠪᠦᠷᠭᠦᠳ᠂ ᠮᠠᠰᠢᠨ ᠲᠤᠨᠤᠭ ᠢᠶᠠᠷ ᠲᠠᠭᠠᠷᠢᠬᠤ᠂ ᠲᠠᠭᠤᠨ ᠤ  ᠦᠳᠥᠭᠡᠯᠭᠡ᠂ ᠰᠢᠩᠭᠡᠯᠢᠭ᠂ ᠤᠨᠠᠭᠤᠯᠢ ᠵᠡᠷᠭᠡ ᠶᠢ ᠬᠡᠷᠡᠭᠯᠡᠵᠥ ᠠᠩᠨᠠᠬᠤ ᠶᠢ ᠴᠠᠭᠠᠵᠠᠯᠠᠵᠤ  ᠂ ᠬᠠᠤᠯᠢ ᠴᠠᠭᠠᠵᠠ ᠪᠠᠷ ᠴᠠᠭᠠᠵᠠᠯᠠᠭᠰᠠᠨ ︵ᠰᠦᠨᠢ  ᠭᠡᠷᠡᠯᠲᠦᠭᠦᠯᠭᠡ ᠪᠠᠷ ᠠᠩᠨᠠᠬᠤ  ᠂  ᠡᠭᠦᠷ  ᠢᠶᠠᠷ ᠨᠢ  ᠠᠩᠨᠠᠬᠤ᠂ ᠡᠭᠦᠷ   ᠢ ᠨᠢ ᠡᠪᠳᠡᠬᠦ᠂ ᠭᠠᠯ  ᠤᠷᠤᠭᠤᠯᠬᠤ᠂  ᠤᠲᠤᠬᠤ  ᠂ ᠤᠨᠠᠭᠤᠯᠢ ᠮᠠᠯᠳᠠᠬᠤ᠂  ᠲᠤᠤᠷᠯᠠᠬᠤ ᠪᠠ  ᠦᠨᠳᠡᠭᠡ ᠵᠤᠯᠵᠠᠭ᠎ᠠ ᠶᠢ ᠨᠢ ᠰᠦᠢᠳᠭᠡᠬᠦ ᠵᠡᠷᠭᠡ︶ ᠠᠷᠭ᠎ᠠ ᠪᠠᠷ ᠠᠩᠨᠠᠬᠤ ᠶᠢ ᠴᠠᠭᠠᠵᠠᠯᠠᠨ᠎ᠠ᠃     5᠂ ᠬᠦᠭᠡᠭᠡᠵᠥ ᠲᠠᠭᠤᠬᠤ᠂  ᠮᠦᠷᠳᠡᠨ ᠰᠡᠭᠦᠳᠡᠷᠯᠡᠬᠦ᠂ ᠵᠢᠯᠣᠭᠤᠴᠢ ᠥᠬᠡᠶ ᠨᠢᠰᠬᠡᠯ ᠢᠶᠠᠷ  ᠰᠡᠭᠦᠳᠡᠷᠯᠡᠬᠦ᠂ ᠥᠨᠳᠥᠷ ᠳᠠᠭᠤᠨ ᠢᠶᠠᠷ  ᠪᠠᠷᠬᠢᠷᠠᠬᠤ  ᠂ ᠫᠤᠤᠵᠢᠩ ᠲᠠᠯᠪᠢᠬᠤ ᠵᠡᠷᠭᠡ ᠠᠷᠭ᠎ᠠ ᠬᠡᠯᠪᠡᠷᠢ ᠪᠠᠷ ᠬᠡᠭᠡᠷ᠎ᠡ ᠶᠢᠨ ᠠᠮᠢᠲᠠᠨ ᠤ  ᠦᠷᠡᠵᠢᠨ  ᠲᠦᠯᠵᠢᠬᠦ   ᠶᠢ ᠰᠤᠴᠢᠭᠠᠨ ᠦᠷᠭᠦᠭᠡᠬᠦ ᠪᠠ  ᠰᠢᠷᠣᠶ  ᠲᠡᠭᠡᠭᠡᠪᠥᠷᠢᠯᠡᠬᠦ᠂ ᠤᠰᠤ  ᠲᠠᠳᠠᠬᠤ᠂   ᠵᠡᠭᠡᠰᠥ ᠬᠤᠯᠤᠰᠤ  ᠬᠠᠳᠤᠬᠤ᠂ ᠴᠢᠯᠠᠭᠤ  ᠬᠠᠭᠠᠯᠬᠤ᠂ ᠪᠣᠬᠢᠷᠲᠤᠯ ᠭᠠᠳᠠᠭᠰᠢᠯᠠᠭᠤᠯᠬᠤ ᠵᠡᠷᠭᠡ ᠬᠡᠯᠪᠡᠷᠢ ᠪᠠᠷ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ  ᠤᠷᠴᠢᠨ ᠲᠤᠭᠤᠷᠢᠨ ᠢ ᠡᠪᠳᠡᠬᠦ ᠠᠵᠢᠯᠯᠠᠭ᠎ᠠ ᠶᠢ ᠴᠠᠭᠠᠵᠠᠯᠠᠨ᠎ᠠ᠃      6᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠤᠰ ᠵᠠᠷᠯᠠᠯ ᠤᠨ ᠲᠣᠭᠲᠠᠭᠠᠯ ᠢ ᠵᠥᠷᠢᠴᠡᠵᠦ᠂ ᠬᠠᠤᠯᠢ ᠪᠤᠰᠤ ᠪᠠᠷ ᠠᠩᠨᠠᠭᠰᠠᠨ᠂ ᠬᠤᠳᠠᠯᠳᠤᠭᠰᠠᠨ᠂ ᠬᠤᠳᠠᠯᠳᠤᠨ ᠠᠪᠤᠭᠰᠠᠨ᠂ ᠠᠰᠢᠭᠯᠠᠭᠰᠠᠨ᠂ ᠡᠳ᠋ᠰᠢᠭᠦᠯᠦᠭᠰᠡᠨ᠂  ᠭᠠᠷ ᠳᠠᠮᠵᠢᠨ ᠪᠤᠷᠤᠯᠠᠭᠤᠯᠤᠭᠰᠠᠨ᠂   ᠡᠬᠡ ᠬᠠᠭᠤᠷᠠᠢ   ᠶᠢᠨ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠵᠦᠭᠡᠭᠡᠪᠥᠷᠢᠯᠡᠵᠥ ᠭᠤᠪᠢᠭᠤᠯᠤᠰᠠᠨ  ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠴᠦ᠂ ᠶᠠᠯ᠎ᠠ  ᠬᠢᠬᠦ ᠬᠡᠮᠵᠢᠶᠡᠨ ᠳᠤ ᠬᠦᠷᠥᠭᠰᠡᠨ  ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       7᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ 5 ᠵᠢᠯ ᠳᠤᠲᠤᠷ᠎ᠠ ᠬᠦᠴᠦᠨ ᠲᠠᠢ  ᠃                    ᠣᠩᠨᠢᠭᠤᠳ‌ᠬᠤᠰᠢᠭᠤᠨ ᠤ ᠠᠷᠠᠳ ‍ᠤᠨ‌ᠵᠠᠰᠠᠭ ᠤᠨ ᠣᠷᠳᠣᠨ                                                2025 ᠣᠨ ᠤ 4 ᠰᠠᠷ᠎ᠠ ᠶᠢᠨ 14 ᠤ ᠡᠳᠦᠷ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号