ᠬᠤᠰᠢᠭᠤᠨ  ᠤ  ᠵᠠᠰᠠᠭ  ᠤᠨ ᠣᠷᠳᠣᠨ  2025  ᠣᠨ  ᠤ  ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/6
     4 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ  ᠬᠤᠰᠢᠭᠤᠨ ᠤ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠠᠮᠢᠶ᠎ᠠ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠴᠠᠭᠠᠨᠪᠠᠭᠠᠳᠤᠷ᠂ ᠳ᠋ᠠᠢ ᠢᠦᠢ ᠬᠤᠸᠠ᠂ ᠯᠢ ᠬᠤᠢ᠂ ᠸᠠᠩ ᠶᠦᠩ ᠯᠢ᠂ ᠳᠤᠪᠳᠤᠨᠰᠡᠩᠭᠡ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ︽ᠬᠤᠶᠠᠷ   ᠭᠤᠤᠯᠳᠠᠯᠭ᠎ᠠ︾ ︽ᠬᠤᠶᠠᠷ  ᠰᠢᠨᠡᠴᠢᠯᠡᠯ︾  ᠤᠨ ᠲᠦᠷᠦ ᠶᠢᠨ ᠪᠤᠳᠤᠯᠭ᠎ᠠ ᠲᠠᠢ ᠤᠶᠠᠯᠳᠤᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠡᠷᠡᠭᠯᠡᠭᠡ ᠳᠤ ᠦᠢᠯᠡᠴᠢᠯᠡᠬᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ᠂ ᠠᠵᠤ ᠦᠢᠯᠡᠰ ᠤᠨ ᠬᠥᠭᠵᠢᠯᠲᠡ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠤᠯᠠᠨ ᠲᠦᠮᠡᠨ ᠳᠤ  ᠡᠳ᠋ᠯᠡᠭᠦᠯᠬᠦ ᠶᠢ ᠪᠠᠲᠤᠯᠠᠬᠤ ᠬᠡᠷᠡᠭᠲᠡᠢ᠃ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ  ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ  ᠤᠨ ᠠᠵᠢᠯᠯᠠᠭ᠎ᠠ ᠲᠠᠢ ᠤᠶᠠᠯᠳᠤᠭᠤᠯᠤᠨ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠬᠠᠷᠢᠭᠤᠴᠠᠯᠭ᠎ᠠ ᠡᠭᠦᠷᠭᠡᠯᠡᠨ ᠴᠢᠷᠮᠠᠶᠢᠯᠭ᠎ᠠ ᠭᠠᠷᠭᠠᠬᠤ ᠶᠢ  ᠴᠢᠩᠭᠠᠳᠬᠠᠨ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠠᠵᠢᠯ ᠢ ᠠᠳᠬᠤᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠣᠩᠨᠢᠭᠤᠳ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ  ᠬᠦᠴᠦᠨ ᠴᠢᠳᠠᠯ ᠢᠶᠠᠨ  ᠨᠡᠮᠡᠷᠢᠯᠡᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ  ᠭᠡᠵᠡᠢ᠃      ᠬᠤᠷᠠᠯ ᠠᠴᠠ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠡᠯᠡᠰᠦ  ᠲᠤᠭᠤᠯᠤᠭᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠵᠢᠯ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ᠂ ᠤᠢ ᠰᠢᠭᠤᠢ ᠡᠪᠡᠰᠦ ᠪᠡᠯᠴᠢᠭᠡᠷ ᠢ  ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ  ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠮᠠᠷᠠᠲᠤ  ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ  ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠪᠠᠶᠢᠷᠢᠯᠠᠭᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号