| | 6 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠬᠤᠰᠢᠭᠤᠨ ᠤ | ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠃ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃ | ᠬᠤᠷᠠᠯ ᠳᠡᠭᠡᠷ᠎ᠡ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ︽ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾ ᠤᠨ | ᠵᠣᠷᠢᠭ ᠰᠠᠨᠠᠭ᠎ᠠ ᠵᠡᠷᠭᠡ ᠠᠭᠤᠯᠭ᠎ᠠ ᠶᠢ ᠬᠠᠮᠲᠤ ᠪᠠᠷ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠬᠡᠰᠡᠭ ᠭᠡᠰᠢᠭᠦᠳ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠪᠠ ᠲᠥᠪ ᠬᠤᠷᠢᠶᠠᠨ ᠤ | ᠵᠠᠷᠯᠠᠨ ᠮᠡᠳᠡᠭᠳᠡᠭᠰᠡᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠤᠯᠤᠰ ᠲᠥᠷᠥ ᠶᠢᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ︽ ᠬᠤᠭᠤᠯᠠ | ᠤᠮᠳᠠ ᠶᠢᠨ ᠦᠳᠡᠭᠡᠯᠭᠡ︾ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ | ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠶ ᠭᠡᠵᠡᠢ᠃ |