| 6 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠠᠷᠪᠠᠨ ᠲᠠᠪᠤᠳᠤᠭᠠᠷ | ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 151 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ | ᠵᠠᠰᠠᠬᠤ ᠵᠥᠪᠯᠡᠯ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ | ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ | ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠴᠣᠬᠤᠯᠠᠪᠤᠷᠢ | ᠂ ᠴᠢᠬᠤᠯᠠ ᠪᠠᠶᠠᠷ ᠤᠨ ᠵᠠᠬᠢᠳᠠᠯ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ | ᠪᠦᠬᠦᠢ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠡᠭᠤᠯᠪᠠ᠃ ᠬᠤᠷᠠᠯ ᠠᠴᠠ᠂ ᠶᠡᠷᠦᠩᠬᠡᠶ ᠱᠦᠵᠢ | ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ | ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠲᠤᠭ᠎ᠠ ᠪᠦᠷᠢᠳᠬᠡᠯ ᠤᠨ | ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠢ ᠶᠢᠨ | ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ | ᠲᠦᠷᠦᠯ ᠵᠦᠢᠯ ᠢ ᠴᠢᠩᠭ᠎ᠠ ᠠᠩᠬᠠᠷᠴᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ᠂ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠦᠬᠦ ᠵᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠬᠠᠷᠠᠯᠲᠠ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠥ ᠵᠢᠭᠠᠵᠤ ᠭᠠᠷᠭᠠᠪᠠ᠃ | ᠬᠤᠷᠠᠯ ᠠᠴᠠ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ | ᠲᠥᠪᠯᠡᠷᠡᠭᠦᠯᠦᠨ ᠴᠡᠭᠴᠡᠯᠡᠨ ᠵᠠᠰᠠᠵᠤ᠂ ︽ ᠬᠤᠭᠤᠯᠠ ᠤᠮᠳᠠ ᠶᠢᠨ ᠥᠳᠥᠭᠡᠯᠭᠡ︾ ᠶᠢ ᠳᠡᠭᠡᠳᠦ ᠬᠡᠮᠵᠢᠶ᠎ᠡ ᠪᠠᠷ | ᠰᠡᠷᠡᠮᠵᠢᠯᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠡᠪ ᠰᠤᠷᠲᠠᠯ ᠢᠶᠠᠨ | ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ᠂ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ | ᠵᠤᠵᠠᠭᠠᠳᠬᠠᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ | ᠭᠡᠵᠡᠢ᠃ | ᠬᠤᠷᠠᠯ ᠠᠴᠠ 2024 ᠣᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠪᠠ 2024 ᠣᠨ ᠤ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠤᠨ | ᠠᠮᠤᠷ ᠲᠦᠪᠰᠢᠨ ᠤ ᠵᠥᠪᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ | ᠬᠤᠰᠢᠭᠤ ᠪᠠᠨ ᠵᠠᠰᠠᠬᠤ ᠵᠥᠪᠯᠡᠯ ᠤᠨ 2025 ᠣᠨ ᠤ ᠠᠵᠢᠯ ᠤᠨ ᠭᠤᠤᠯᠳᠠᠯᠭ᠎ᠠ ︾ ᠶᠢ ᠬᠢᠨᠠᠨ ᠵᠥᠪᠯᠡᠵᠦ | ᠪᠠᠲᠤᠯᠠᠬᠤ ᠶᠢᠨ ᠬᠠᠮᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ | ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ 2025 ᠣᠨ ᠤ ᠠᠵᠢᠯ ᠤᠨ ᠲᠣᠬᠢᠷᠠᠭᠤᠯᠤᠯᠲᠠ ︾ | ᠶᠢ ᠬᠢᠨᠠᠨ ᠵᠥᠪᠯᠡᠵᠦ ᠪᠠᠲᠤᠯᠠᠨ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ ᠃ | | |