| | 6 ᠰᠠᠷ᠎ᠠ ᠶᠢᠨ 10 ᠤ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ | ᠡᠷᠬᠢᠯᠡᠭᠰᠡᠨ ︽ᠠᠨ ᠺᠠᠩ ᠬᠤᠨᠳᠠᠭᠠᠲᠤ︾ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ | ᠬᠤᠰᠢᠭᠤᠨ ᠤ ᠲᠣᠭᠯᠠᠯᠲᠠ ᠶᠢᠨ ᠲᠥᠪ ᠲᠤ ᠠᠮᠵᠢᠯᠲᠠ ᠲᠠᠢ ᠶᠠᠪᠤᠭᠳᠠᠪᠠ᠃ | ᠲᠣᠰ ᠤᠳᠠᠭᠠᠨ ᠤ ᠤᠷᠤᠯᠳᠤᠭᠠᠨ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠨ᠂ ᠪᠠᠴᠢᠮ | ᠪᠠᠶᠢᠳᠠᠯ ᠢ ᠠᠷᠭᠠᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ᠡᠷᠢᠨ ᠢᠯᠡᠷᠡᠭᠦᠯᠬᠦ︾ ᠪᠠᠷ ᠭᠤᠤᠯ ᠰᠡᠳᠦᠪ | ᠪᠣᠯᠭᠠᠵᠤ᠂ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠵᠤᠷᠢᠯᠭ᠎ᠠ ᠪᠠᠨ ᠪᠤᠯᠭᠠᠭᠰᠠᠨ | ᠪᠠᠶᠢᠨ᠎ᠠ᠃ ᠤᠷᠤᠯᠳᠤᠭᠠᠨ ᠨᠢ ᠂ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠯᠤᠨ | ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠮᠡᠳᠡᠯᠭᠡ ᠶᠢ ᠬᠠᠮᠤᠷᠤᠨ᠂ ᠪᠢᠷ ᠤᠨ ᠰᠢᠯᠭᠠᠯᠲᠠ ᠪᠠ ᠲᠤᠬᠠᠶ ᠶᠢᠨ | ᠲᠠᠯᠠᠪᠤᠷ ᠲᠤ ᠵᠠᠪᠳᠤᠨ ᠬᠠᠷᠢᠭᠤᠯᠬᠤ ᠬᠤᠶᠠᠷ ᠬᠡᠯᠪᠡᠷᠢ ᠪᠠᠷ ᠬᠤᠷᠴᠠ ᠰᠢᠷᠦᠭᠦᠨ ᠶᠠᠪᠤᠭᠳᠠᠵᠤ᠂ ᠤᠷᠤᠯᠳᠤᠭᠴᠢᠳ | ᠪᠠᠴᠢᠮᠳᠠᠵᠤ ᠰᠠᠨᠳᠤᠷᠤᠯ ᠦᠭᠡᠢ ᠯᠠᠪᠳᠠᠭᠤᠨ ᠪᠠᠲᠤᠲᠠᠢ ᠤᠷᠤᠯᠴᠠᠨ᠂ ᠨᠠᠷᠢᠯᠢᠭ ᠤᠨᠤᠪᠴᠢᠲᠠᠢ ᠬᠠᠷᠢᠭᠤᠯᠵᠤ᠂ ᠮᠠᠰᠢ | ᠰᠠᠶᠢᠨ ᠲᠤᠰᠬᠠᠶ ᠮᠡᠷᠭᠡᠵᠢᠯ ᠤᠨ ᠬᠢᠷᠢ ᠲᠦᠪᠰᠢᠨ ᠪᠠ ᠰᠡᠳᠬᠢᠴᠡ ᠶᠢᠨ ᠬᠡᠪ ᠴᠢᠨᠠᠷ ᠢᠶᠠᠨ ᠢᠯᠡᠷᠡᠭᠦᠯᠦᠭᠰᠡᠨ ᠪᠠᠶᠢᠨ᠎ᠠ᠃ | | ᠬᠤᠷᠴᠠ ᠰᠢᠷᠦᠭᠦᠨ ᠲᠡᠮᠡᠴᠡᠭᠡᠨ ᠢᠶᠠᠷ ᠳᠠᠮᠵᠢᠨ᠂ ᠠᠨ ᠴᠢ ᠺᠣᠮᠫᠠᠨᠢ ᠶᠢᠨ ᠲᠥᠯᠥᠭᠡᠯᠡᠭᠴᠢᠳ ᠤᠨ ᠠᠩᠭᠢ | ᠨᠢᠭᠡᠳᠦᠭᠡᠷ ᠳᠡᠰ ᠤᠨ ᠱᠠᠩᠨᠠᠯ ᠬᠦᠷᠲᠡᠵᠡᠢ᠃ | |