| | 6 ᠰᠠᠷ᠎ᠠ ᠶᠢᠨ 14 ᠤ ᠡᠳᠦᠷ᠂ ᠳᠤᠮᠲᠠᠲᠦ ᠤᠯᠤᠰ ᠪᠤᠯᠤᠨ ᠮᠤᠩᠭᠤᠯ ᠤᠯᠤᠰ ᠤᠨ | ᠰᠤᠷᠪᠤᠯᠵᠢᠯᠠᠭᠴᠢᠳ ᠢᠶᠠᠷ ᠪᠦᠷᠢᠯᠲᠦᠭᠰᠡᠨ ᠰᠤᠷᠪᠤᠯᠵᠢᠯᠠᠭᠴᠢᠳ ᠤᠨ ᠪᠦᠯᠭᠦᠮ ᠮᠠᠨ ᠤ ᠬᠤᠰᠢᠭᠤᠨ ᠳᠤ ᠢᠷᠡᠵᠦ᠂ | ᠨᠢᠬᠡ ᠡᠲᠦᠷ ᠤᠨ ᠬᠤᠭᠤᠴᠠᠭ᠎ᠠ ᠲᠠᠢ ᠠᠶᠢᠯᠴᠢᠯᠠᠨ ᠰᠤᠷᠪᠤᠯᠵᠢᠯᠠᠬᠤ ᠠᠵᠢᠯᠯᠠᠭ᠎ᠠ ᠦᠷᠨᠢᠭᠦᠯᠪᠡ᠃ ᠲᠤᠰ ᠤᠳᠠᠭᠠᠨ ᠤ | ᠠᠵᠢᠯᠯᠠᠭ᠎ᠠ ᠨᠢ ᠳᠤᠮᠳᠠᠳᠤ ᠮᠣᠩᠭᠤᠯ ᠬᠤᠶᠠᠷ ᠤᠯᠤᠰ ᠤᠨ ᠵᠠᠭᠤᠴᠢᠯᠠᠭᠤᠷ ᠤᠨ ᠰᠣᠯᠢᠯᠴᠠᠭ᠎ᠠ ᠶᠢ ᠠᠬᠢᠭᠤᠯᠵᠤ᠂ | ᠳᠤᠮᠳᠠᠳᠤ ᠮᠣᠩᠭᠤᠯ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠬᠤ ᠪᠠᠷ | ᠵᠤᠷᠢᠯᠭ᠎ᠠ ᠪᠠᠨ ᠪᠤᠯᠭᠠᠭᠰᠠᠨ ᠪᠠᠶᠢᠭ᠎ᠠ ᠶᠤᠮ᠃ | ᠰᠤᠷᠪᠤᠯᠵᠢᠯᠠᠭᠴᠢᠳ ᠤᠨ ᠪᠦᠯᠬᠦᠮ ᠤᠨ ᠬᠢᠨᠢ ᠤᠷᠢᠳ ᠬᠤᠵᠢᠳ ᠬᠤᠷᠠᠬ᠎ᠠ ᠭᠠᠴᠠᠭ᠎ᠠ ᠠᠴᠠ ᠬᠤᠸᠠ ᠶᠢᠨ | ᠠᠶᠢᠯ ᠬᠦᠷᠬᠦ ᠡᠯᠡᠰᠦ ᠲᠤᠭᠤᠯᠤᠭᠰᠠᠨ ᠵᠠᠮ ᠳᠠᠭᠠᠤ ᠶᠢᠨ ᠡᠯᠡᠰᠦ ᠶᠢ ᠰᠡᠷᠭᠡᠶᠢᠯᠡᠨ ᠵᠠᠰᠠᠭᠰᠠᠨ ᠢᠨᠵᠧᠨᠧᠷᠢᠩ ᠪᠠ ᠬᠠᠰ | ᠯᠤᠤ ᠵᠤᠭᠠᠴᠠᠯ ᠤᠨ ᠣᠷᠣᠨ ᠵᠡᠷᠭᠡ ᠭᠠᠵᠠᠷ ᠤᠳ ᠲᠤ ᠬᠦᠷᠴᠦ᠂ ᠮᠠᠨ ᠤ ᠬᠤᠰᠢᠭᠤᠨ ᠤ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ᠂ ᠰᠤᠶᠤᠯ ᠵᠢᠭᠤᠯᠴᠢᠯᠠᠯ ᠤᠨ ᠠᠭᠤᠰᠤᠯᠴᠠᠯ ᠵᠡᠷᠭᠡ ᠲᠠᠯ᠎ᠠ ᠪᠠᠷ ᠤᠯᠤᠭᠰᠠᠨ ᠠᠮᠵᠢᠯᠲᠠ ᠲᠠᠢ | ᠲᠤᠷᠰᠢᠯᠭ᠎ᠠ ᠪᠠ ᠦᠷ᠎ᠡ ᠪᠦᠲᠦᠮᠵᠢ ᠶᠢ ᠲᠤᠬᠠᠶ ᠶᠢᠨ ᠲᠠᠯᠠᠪᠠᠶ ᠳᠤ ᠨᠢ ᠰᠤᠷᠪᠤᠯᠵᠢᠯᠠᠨ ᠤᠶᠢᠯᠠᠭᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠠᠮᠲᠤᠷᠠᠭᠰᠠᠨ ᠰᠤᠷᠪᠤᠯᠵᠢᠯᠠᠭ᠎ᠠ ᠶᠢᠨ ᠠᠵᠢᠯᠯᠠᠭ᠎ᠠ ᠨᠢ 6 | ᠰᠠᠷ᠎ᠠ ᠶᠢᠨ 20 ᠤ ᠡᠳᠦᠷ ᠪᠣᠯᠲᠠᠯ᠎ᠠ ᠶᠠᠪᠤᠭᠳᠠᠵᠤ᠂ ᠡᠨᠡ ᠬᠤᠭᠤᠴᠠᠭᠠᠨ ᠳᠤ ᠨᠢ᠂ ᠮᠣᠩᠭᠤᠯ ᠤᠯᠤᠰ ᠤᠨ ᠷᠠᠳᠢᠣ᠋ | ᠲᠧᠯᠸᠢᠰ ᠬᠤᠷᠢᠶ᠎ᠠ᠂ ︽ᠡᠳᠦᠷ ᠤᠨ ᠰᠣᠨᠢᠨ︾ ᠵᠡᠷᠭᠡ ᠮᠣᠩᠭᠤᠯ ᠤᠨ ᠲᠠᠯ᠎ᠠ ᠶᠢᠨ ᠵᠠᠭᠤᠴᠢᠯᠠᠭᠤᠷ ᠪᠣᠯᠤᠨ ᠭᠤᠸᠠᠩ | ᠮᠢᠩ ᠡᠳᠦᠷ ᠤᠨ ᠰᠣᠨᠢᠨ᠂ ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ ᠮᠡᠳᠡᠭᠡᠯᠡᠯ᠂ | ᠯᠠᠪᠯᠠᠯᠲᠠ ᠶᠢᠨ ᠮᠡᠳᠡᠭᠡ ᠵᠡᠷᠭᠡ ᠳᠤᠮᠳᠠᠳᠤ ᠶᠢᠨ ᠲᠠᠯ᠎ᠠ ᠶᠢᠨ ᠵᠠᠭᠤᠴᠢᠯᠠᠭᠤᠷ ᠤᠨ 40 ᠭᠠᠷᠤᠶ ᠰᠤᠷᠪᠤᠯᠵᠢᠯᠠᠭᠴᠢᠳ | ᠬᠤᠪᠸᠢ ᠪᠣᠯᠤᠨ ᠥᠪᠥᠷ ᠮᠣᠩᠭᠤᠯ ᠵᠡᠷᠭᠡ ᠭᠠᠵᠠᠷ ᠤᠳ ᠲᠤ ᠬᠦᠷᠴᠦ᠂ ᠲᠤᠬᠠᠶ ᠶᠢᠨ ᠲᠠᠯᠠᠪᠠᠶ ᠳᠤ ᠬᠦᠷᠴᠦ ᠪᠡᠶᠡᠳᠡᠨ | ᠦᠢᠯᠠᠭᠠᠬᠤ ᠪᠤᠯᠤᠨ ᠪᠤᠳᠠᠲᠤ ᠦᠢᠯᠡᠳᠦᠯᠭᠡ ᠂ ᠪᠤᠳᠠᠲᠤ ᠲᠤᠭ᠎ᠠ ᠪᠠᠷᠢᠮᠲᠠ ᠪᠠᠷ ᠳᠠᠮᠵᠢᠭᠤᠯᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠤᠳᠤᠬᠢ ᠪᠠᠶᠢᠳᠠᠯ ᠢ ᠳᠡᠯᠭᠡᠨ ᠦᠵᠡᠭᠦᠯᠵᠦ᠂ ᠬᠤᠶᠠᠷ ᠤᠯᠤᠰ ᠤᠨ ᠠᠷᠠᠳ | ᠲᠦᠮᠡᠨ ᠤ ᠨᠥᠬᠦᠷᠯᠡᠯ ᠢ ᠵᠤᠵᠠᠭᠠᠳᠬᠠᠬᠤ ᠪᠣᠯᠤᠨ᠎ᠠ᠃ |