ᠪᠡᠭᠡᠵᠢᠩ ᠬᠤᠲᠠ ᠶᠢᠨ ᠲᠦᠩᠵᠸᠥ ᠲᠣᠭᠤᠷᠢᠭ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2025/6/19
       6 ᠰᠠᠷ᠎ᠠ ᠶᠢᠨ 14 ᠤ ᠡᠳᠦᠷ᠂ ᠪᠡᠭᠡᠵᠢᠩ ᠬᠤᠳᠠ ᠶᠢᠨ ᠲᠦᠩᠵᠸᠥ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠮᠧᠩ ᠵᠢᠩ ᠸᠧᠢ ᠲᠦᠩᠵᠸᠥ ᠲᠤᠭᠤᠷᠢᠭ ᠤᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠪᠡᠭᠡᠵᠢᠩ ᠦᠪᠦᠷ ᠮᠤᠩᠭᠤᠯ ᠤᠨ ᠬᠠᠮᠳᠤᠷᠠᠯᠴᠠᠭᠠᠨ ᠤ ᠠᠵᠢᠯ ᠢ ᠵᠤᠯᠭᠠᠭᠤᠯᠵᠤ᠂ ᠬᠤᠶᠠᠷ ᠭᠠᠵᠠᠷ ᠤᠨ ᠬᠠᠮᠵᠢᠯᠴᠠᠭ᠎ᠠ ᠪᠠ ᠬᠠᠮᠳᠤᠷᠠᠯᠴᠠᠭ᠎ᠠ ᠶᠢ  ᠠᠬᠢᠭᠤᠯᠪᠠ᠃     ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠪᠣᠷᠣᠬᠤᠲᠠ ᠪᠠᠯᠭᠠᠰᠤᠨ ᠤ ᠪᠦᠳᠦᠭᠦᠨᠬᠤᠸᠠ ᠭᠠᠴᠠᠭᠠᠨ ᠤ ᠴᠢᠤᠸᠠᠨ ᠢᠦᠢ ᠺᠣᠮᠫᠠᠨᠢ ᠶᠢᠨ ᠡᠭᠦᠯᠳᠡᠷ ᠤᠨ ᠨᠤᠭᠤᠰᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂  ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠾᠧᠩ ᠳ᠋ᠦ᠋ ᠺᠣᠮᠫᠠᠨᠢ ᠶᠢᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠲᠦᠷᠦᠯ ᠵᠦᠢᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠲᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠠᠮᠲᠤᠷᠠᠯᠴᠠᠭ᠎ᠠ ᠵᠡᠷᠭᠡ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠰᠢᠨᠵᠢᠯᠡᠨ  ᠪᠠᠶᠢᠴᠠᠭᠠᠬᠤ ᠶᠢᠨ ᠬᠠᠮᠲᠤ  ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠪᠣᠯᠭᠤᠭᠠᠨ  ᠲᠤᠬᠤᠨᠢᠭᠤᠯᠪᠠ᠃     ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠲᠡᠷᠡ ᠶᠠᠷᠢᠶᠠᠨ ᠳᠠᠭᠠᠨ ᠂ ᠣᠶᠢᠷ᠎ᠠ ᠶᠢᠨ ᠵᠢᠯ ᠠᠴᠠ ᠨᠠᠰᠢ᠂ ᠪᠡᠭᠡᠵᠢᠩ ᠬᠤᠲᠠ᠂ ᠲᠦᠩᠵᠸᠦ ᠲᠣᠭᠤᠷᠢᠭ   ᠨᠢ ᠡᠯ᠎ᠡ ᠲᠠᠯ᠎ᠠ ᠶᠢᠨ ᠡᠬᠢ ᠪᠠᠶᠠᠯᠢᠭ  ᠢᠶᠠᠨ ᠢᠳᠡᠪᠬᠢᠲᠡᠢ ᠨᠢᠭᠡᠳᠦᠯᠲᠡᠶ ᠲᠥᠯᠥᠪᠯᠡᠵᠦ᠂ ᠪᠡᠯᠡ ᠮᠥᠩᠭᠦ ᠶᠢᠨ ᠲᠥᠷᠥᠯ ᠵᠦᠢᠯ᠂  ᠺᠠᠳᠠᠷ ᠴᠢᠳᠠᠪᠤᠷᠢᠲᠠᠨ᠂ ᠠᠵᠤ ᠦᠢᠯᠡᠰ ᠤᠨ ᠬᠠᠮᠲᠤᠷᠠᠯᠴᠠᠭ᠎ᠠ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠬᠠᠮᠵᠢᠯᠴᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠩᠨᠢᠭᠤᠳ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠳᠠᠷᠠᠭᠠᠴᠢ ᠶᠢᠨ ᠠᠯᠬᠤᠮ ᠳᠤ ᠣᠩᠨᠢᠭᠤᠳ ᠬᠤᠰᠢᠭᠤ   ᠨᠢ ︽ᠵᠢᠷᠭᠤᠭᠠᠨ  ᠵᠦᠢᠯ   ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ  ᠮᠠᠯᠵᠢᠯ ᠤᠨ ᠠᠰᠢᠭ ᠰᠢᠮ᠎ᠡ ᠶᠢᠨ ᠬᠠᠩᠭᠠᠯᠭ᠎ᠠ᠂ ᠠᠮᠢ ᠠᠬᠤᠢ ᠶᠢᠨ ᠡᠷᠡᠭᠦᠯᠵᠢᠯ ᠰᠤᠪᠢᠯᠠᠯᠲᠠ᠂ ᠭᠡᠷ ᠪᠦᠯᠢ ᠶᠢᠨ ᠰᠤᠳᠤᠯᠤᠨ ᠰᠤᠷᠤᠯᠴᠠᠬᠤ ᠵᠤᠭᠠᠴᠠᠯ ᠢ ᠴᠣᠭᠴᠠᠯᠠᠬᠤ᠂ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ᠂ ᠡᠨᠧᠷᠭᠢ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠲᠦᠩᠵᠸᠦ ᠲᠣᠭᠤᠷᠢᠭ ᠤᠨ ᠬᠢᠨ ᠡᠳᠡᠭᠡᠷ ᠭᠤᠣᠯᠯᠠᠬᠤ ᠠᠵᠤ ᠦᠢᠯᠡᠰ ᠤᠨ ᠲᠣᠭᠤᠷᠢᠨ ᠳᠤ  ᠳᠡᠮᠵᠢᠯᠭᠡ ᠦᠵᠡᠭᠦᠯᠵᠥ᠂  ᠬᠡᠯᠬᠢᠶᠡᠵᠢᠯ   ᠢ ᠤᠷᠲᠤᠳᠬᠠᠨ ᠨᠥᠬᠦᠪᠦᠷᠢᠯᠡᠵᠦ  ᠴᠢᠩᠭᠠᠳᠬᠠᠬᠤ ᠨᠡᠩ ᠤᠯᠠᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠣᠷᠣᠭᠤᠯᠤᠨ ᠠᠪᠴᠢᠷᠠᠬᠤ ᠶᠢ ᠬᠦᠰᠡᠵᠦ ᠪᠠᠶᠢᠨ᠎ᠠ  ᠭᠡᠪᠡ᠃      ᠮᠧᠩ ᠵᠢᠩ ᠸᠧᠶ ᠢᠯᠡᠷᠬᠡᠶᠢᠯᠡᠬᠦ ᠳᠡᠭᠡᠨ᠂  ᠬᠤᠶᠠᠷ ᠲᠠᠯ᠎ᠠ ᠪᠠᠷ ᠢᠶᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠮᠵᠢᠯᠴᠠᠭᠠᠨ ᠤ ᠦᠷ᠎ᠡ ᠪᠦᠲᠦᠭᠡᠯ ᠢ ᠰᠢᠰᠲ᠋ᠧᠮ ᠲᠠᠢ ᠳ᠋ᠦᠩᠨᠡᠵᠦ ᠂ ᠶᠠᠳᠠᠭᠤ ᠠᠴᠠ  ᠠᠩᠭᠢᠵᠢᠷᠠᠭᠤᠯᠤᠨ ᠪᠣᠭᠤᠮᠲᠠ  ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠦᠷ᠎ᠡ ᠪᠦᠲᠦᠮᠵᠢ ᠪᠣᠯᠤᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠨ ᠡᠮᠬᠢᠯᠡᠬᠦ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠲᠥᠯᠥᠪᠵᠢᠭᠦᠯᠵᠦ ᠂ ᠲᠦᠷᠦᠯ ᠵᠦᠢᠯ᠂ ᠪᠡᠯᠡ ᠮᠥᠩᠭᠦ ᠪᠣᠯᠤᠨ ᠠᠵᠢᠯ ᠤᠨ ᠲᠣᠭᠲᠠᠴᠠ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠦᠯᠥᠪᠯᠡᠭᠡ ᠪᠠᠨ ᠰᠢᠯᠢᠳᠡᠭᠵᠢᠭᠦᠯᠵᠥ᠂ ᠬᠤᠶᠠᠷ ᠭᠠᠵᠠᠷ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠬᠦ ᠨᠡᠶᠢᠭᠡᠮ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠺᠠᠳ᠋ᠷ ᠤᠨ ᠰᠣᠯᠢᠯᠴᠠᠭ᠎ᠠ᠂ ᠪᠣᠬᠢᠷᠲᠤᠯ ᠦᠭᠡᠢ ᠡᠨᠧᠷᠭᠢ ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ ᠪᠣᠬᠢᠷᠲᠤᠯ ᠦᠭᠡᠢ ᠢᠳᠡᠭᠡᠨ᠂ ᠠᠵᠢᠯ ᠣᠯᠭᠤᠯᠲᠠ ᠶᠢᠨ ᠪᠠᠲᠤᠯᠠᠭ᠎ᠠ᠂ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ  ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠬᠤᠶᠠᠷ ᠭᠠᠵᠠᠷ ᠤᠨ ︽ᠬᠠᠮᠵᠢᠯᠴᠠᠭ᠎ᠠ︾ ᠠᠴᠠ ︽ᠬᠠᠮᠲᠤᠷᠠᠯᠴᠠᠭᠰᠠᠨ︾ ᠲᠡᠶᠢᠰᠢ ᠲᠡᠰ ᠳᠡᠪᠰᠢᠬᠦ ᠶᠢ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ  ᠭᠡᠰᠡᠨ ᠪᠠᠶᠢᠨ᠎ᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠭᠤᠤ ᠵᠢᠶᠠᠨ᠂ ᠬᠤᠰᠢᠭᠤᠨ ᠤ ᠤᠳᠤᠷᠢᠳᠤᠯᠭ᠎ᠠ ᠵᠦ ᠴᠦᠨ ᠶᠦᠩ᠂ ᠸᠠᠩ ᠶᠢᠩ᠂ ᠳ᠋ᠦᠩ ᠵᠢᠦ ᠪᠢᠩ᠂ ᠴᠠᠭᠠᠨᠪᠠᠭᠠᠲᠤᠷ  ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号