| | 6 ᠰᠠᠷ᠎ᠠ ᠶᠢᠨ 17 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ | 153 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠦᠷᠭᠡᠳᠭᠡᠭᠰᠡᠨ ᠬᠤᠷᠠᠯ ᠵᠢᠴᠢ ᠪᠥᠬᠦ ᠬᠤᠰᠢᠭᠤᠨ ᠤ | ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠮᠥᠩᠬᠡ ᠶᠢᠨ | ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ | ᠬᠤᠷᠠᠯ ᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠳ ᠬᠤᠷᠠᠯ ᠳᠤ ᠣᠷᠣᠯᠴᠠᠵᠤ | ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠬᠤ ᠨᠥᠬᠦᠳ ᠬᠤᠷᠠᠯ ᠳᠤ ᠰᠤᠯᠠ | ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ | ᠠᠵᠢᠯ ᠤᠨ ᠭᠤᠤᠯᠳᠠᠯᠭ᠎ᠠ ᠪᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠡᠭᠡᠷ᠎ᠡ ᠲᠠᠯᠪᠢᠵᠤ᠂ ᠨᠢᠭᠡ ᠭᠤᠤᠯ | ᠰᠢᠵᠢᠮ ᠢ ᠳᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠦᠨ᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠪᠠᠷ ᠭᠤᠤᠯ ᠭᠠᠷᠳᠠᠴᠠ ᠪᠣᠯᠭᠠᠵᠤ᠂ | ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ | ᠡᠯᠡᠰᠦᠷᠬᠡᠭ ᠭᠠᠵᠠᠷ ᠢ ᠵᠠᠰᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠦᠨᠳᠦᠰᠦᠨ ᠱᠠᠲᠤᠨ ᠤ ᠵᠠᠰᠠᠯᠲᠠ | ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ | ᠲᠤᠬᠠᠶ ᠳᠤᠨᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠠᠯ ᠠᠴᠠ ᠵᠥᠷᠢᠴᠡᠨ | ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ | ᠠᠴᠠ ᠳᠡᠷᠡᠰᠯᠡᠭᠰᠡᠨ ᠴᠤᠬᠤᠶᠢᠵᠤ ᠪᠠᠶᠢᠭ᠎ᠠ ᠠᠰᠠᠭᠤᠳᠠᠯ ᠳᠤ ᠴᠣᠬᠢᠯᠲᠠ ᠥᠭᠴᠦ᠂ ᠶᠠᠭᠠᠬᠢᠭᠰᠠᠨ ᠴᠤ ᠢᠯᠳᠠᠷ | ᠬᠠᠷᠠᠵᠤ ᠪᠤᠯᠬᠤ ᠦᠭᠡᠢ᠃ ᠰᠤᠷᠲᠠᠯ ᠢᠯᠵᠠᠷᠠᠯ ᠢ ᠵᠡᠷᠭᠡ ᠪᠠᠷ ᠪᠠᠶᠢᠴᠠᠭᠠᠵᠤ ᠵᠠᠰᠠᠬᠤ ᠶᠢ ᠭᠦᠨᠵᠡᠭᠡᠶ ᠠᠬᠢᠭᠤᠯᠵᠤ᠂ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ | ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ | ᠪᠣᠯᠭᠠᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ | ᠳᠠᠭᠠᠭᠤᠯᠬᠤ ᠶᠢ ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠳᠤᠭᠤᠰᠢᠯᠠᠭᠤᠯᠤᠨ᠂ | ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ | ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ | ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠨᠠᠮ ᠤᠨ ᠭᠡᠰᠢᠭᠦᠨ ᠢ ᠵᠡᠪᠰᠡᠭᠯᠡᠵᠦ᠂ ᠤᠯᠠᠨ ᠲᠦᠮᠡᠨ ᠢ | ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ | ᠪᠤᠵᠠᠭᠠᠶᠢᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ | ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ | ᠪᠠᠲᠤ ᠪᠠᠶᠢᠭᠤᠯᠬᠤ ᠬᠡᠷᠡᠭᠲᠡᠢ ᠭᠡᠵᠡᠢ᠃ | ᠬᠤᠷᠠᠯ ᠠᠴᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ | ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠥ ᠰᠦᠢᠳᠬᠡᠭᠰᠡᠨ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠡᠭᠴᠡᠯᠡᠨ ᠵᠠᠰᠠᠬᠤ | ᠠᠵᠢᠯ ᠢ ᠴᠠᠭ ᠲᠤᠬᠠᠢ ᠳᠤᠨᠢ ᠴᠢᠨᠠᠷ ᠴᠢᠨᠰᠠᠭ᠎ᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ︽ᠲᠠᠪᠤᠨ ᠶᠡᠭᠡ ᠡᠭᠦᠷᠭᠡ︾ ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠩᠰᠠ | ᠴᠠᠶᠢᠯᠭᠠᠬᠤ ᠬᠡᠯᠪᠡᠷᠢ ᠪᠠᠷ ᠬᠠᠮᠢᠶᠠᠷᠤᠨ᠂ ᠲᠥᠷᠥᠯ ᠵᠦᠢᠯᠵᠢᠬᠦᠯᠦᠨ ᠠᠬᠢᠭᠤᠯᠬᠤ ᠶᠢ ᠪᠠᠷᠢᠮᠲᠠᠯᠠᠵᠤ᠂ | ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠤᠨ᠂ ᠬᠤᠷᠳᠤᠨᠲ᠋ᠦ᠋ᠷᠭᠡᠨ ᠬᠦᠢᠴᠡᠳᠬᠡᠬᠦ ᠶᠢ ᠠᠩᠬᠠᠷᠴᠤ᠂ ᠦᠨᠡᠨ | ᠬᠦ ᠠᠳᠬᠤᠨ ᠪᠣᠳᠠᠲᠠᠶ ᠠᠵᠢᠯᠯᠠᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ | ᠃ | ᠬᠤᠷᠠᠯ ᠠᠴᠠ ᠪᠠᠰᠠ ᠪᠤᠰᠤᠳ ᠵᠦᠢᠯ ᠢ ᠰᠣᠳᠣᠯᠪᠠ ᠃ | | |