ᠪᠦᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/19
       6 ᠰᠠᠷ᠎ᠠ ᠶᠢᠨ 13 ᠤ ᠡᠳᠦᠷ᠂ ᠪᠦᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ  ᠭᠡᠵᠥ ᠴᠢᠩᠭᠠᠳᠬᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠬᠤᠷᠠᠯ ᠢ  ᠡᠷᠬᠢᠯᠡᠵᠥ ᠶᠠᠷᠢᠶ᠎ᠠ ᠲᠠᠯᠪᠢᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠳᠤ  ᠴᠠᠭ ᠠᠭᠤᠷ   ᠤᠨ ᠨᠦᠯᠥᠭᠡ ᠠᠴᠠ ᠪᠤᠯᠵᠤ᠂  ᠪᠤᠷᠤᠭᠠᠨ ᠤ ᠤᠰᠤ ᠬᠤᠷᠠᠬᠤ᠂ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ᠂ ᠪᠡᠯ ᠶᠡᠭᠦᠷᠡᠬᠦ ᠵᠡᠷᠭᠡ ᠭᠠᠮᠰᠢᠭ  ᠡᠭᠦᠰᠬᠦ ᠠᠶᠤᠯ ᠲᠠᠢ ᠪᠤᠯᠤᠭᠰᠠᠨ ᠪᠠᠶᠢᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠭᠠᠵᠤ᠂ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ᠂ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠢ ᠡᠵᠡᠮᠳᠡᠬᠦ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠵᠦᠶ ᠵᠣᠬᠢᠰᠲᠠᠶ ᠰᠠᠶᠢᠲᠤᠷ ᠬᠢᠵᠦ᠂ ︽ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ︾ ᠶᠢ ᠪᠡᠶᠡᠯᠡᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ  ᠰᠢᠢᠳᠪᠥᠷᠢᠯᠡᠬᠦ ᠬᠡᠷᠡᠭᠲᠡᠶ  ᠭᠡᠵᠡᠢ᠃       ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ 24 ᠴᠠᠭ ᠤᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠦᠶᠡᠷ ᠤᠰᠤᠲᠤᠯ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃  ᠤᠰᠤᠯ ᠠᠯᠳᠠᠭ᠎ᠠ ᠠᠴᠠ ᠪᠤᠯᠵᠤ ᠬᠦᠨᠳᠦ ᠶᠡᠭᠡ ᠨᠥᠯᠥᠭᠡ ᠪᠠ ᠬᠤᠬᠢᠷᠠᠯ ᠤᠴᠠᠷᠠᠭᠤᠯᠤᠭᠰᠠᠨ ᠪᠣᠯ  ᠴᠢᠩᠭ᠎ᠠ ᠬᠠᠷᠢᠭᠤᠴᠠᠯᠭ᠎ᠠ  ᠨᠡᠬᠡᠮᠵᠢᠯᠡᠬᠦ ᠬᠡᠷᠡᠭᠲᠡᠶ ᠭᠡᠰᠡᠨ ᠪᠠᠶᠢᠨ᠎ᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠪᠠᠶᠢᠳᠠᠯ ᠢ ᠵᠠᠷᠯᠠᠨ ᠮᠡᠳᠡᠭᠳᠡᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ  ᠵᠠᠳᠤᠯᠤᠨ᠂ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠭᠤᠤ ᠶᠦᠩ ᠡᠤ᠂ ᠵᠦ ᠴᠦᠨ ᠶᠦᠩ᠂ ᠴᠠᠭᠠᠨᠪᠠᠭᠠᠲᠤᠷ᠂ ᠳ᠋ᠠᠢ ᠢᠦᠢ ᠬᠤᠸᠠ᠂ ᠲᠤᠪᠳᠤᠨᠰᠡᠩᠭᠡ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号