ᠬᠤᠰᠢᠭᠤᠨ ᠤ ᠵᠠᠰᠠᠭ ᠤᠨ ᠣᠷᠳᠣᠨ 2025 ᠣᠨ  ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/19
       6 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ 2025 ᠣᠨ ᠤ ᠬᠤᠰᠢᠭᠤᠨ ᠤ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃   ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠳ᠋ᠦᠩ ᠵᠢᠦ ᠪᠢᠩ᠂ ᠴᠠᠭᠠᠨᠪᠠᠭᠠᠲᠤᠷ᠂ ᠳ᠋ᠠᠢ ᠢᠦᠢ ᠬᠤᠸᠠ᠂ ᠯᠢ ᠬᠤᠢ᠂ ᠸᠠᠩ ᠶᠦᠩ ᠯᠢ᠂ ᠳᠤᠪᠳᠤᠨᠰᠡᠩᠭᠡ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠳᠡᠳ᠋ ᠬᠤᠰᠢᠭᠤᠨ ᠳᠠᠷᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠪᠠ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ ᠲᠠᠢ ᠨᠢᠭᠲᠠ ᠤᠶᠠᠯᠳᠤᠭᠤᠯᠤᠨ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠬᠢᠷᠢ ᠲᠦᠪᠰᠢᠨ ᠢᠶᠠᠷ ᠰᠠᠶᠢᠲᠤᠷ ᠬᠢᠵᠦ᠂ ᠴᠢᠨᠠᠷ ᠰᠠᠶᠢᠲᠠᠶ ᠲᠥᠷᠥᠯ ᠵᠦᠢᠯ ᠢ ᠲᠥᠯᠥᠪᠯᠡᠨ ᠨᠥᠭᠡᠴᠡᠯᠡᠵᠦ᠂ ᠲᠥᠯᠥᠪᠵᠢᠭᠦᠯᠭᠡ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠬᠡᠷᠡᠭᠲᠡᠶ  ᠭᠡᠵᠡᠢ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠷᠦ ᠶᠢᠨ ᠪᠤᠳᠤᠯᠭ᠎ᠠ  ᠶᠢ ᠨᠠᠶᠢᠳᠠᠪᠤᠷᠢᠵᠢᠭᠤᠯᠬᠤ ᠬᠡᠷᠡᠭᠲᠡᠢ  ᠃ ︽ᠳᠥᠷᠪᠡᠨ ᠰᠤᠷᠲᠠᠯ︾ ᠢ  ᠵᠠᠯᠠᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠳᠠᠭᠠᠨ᠂ ᠪᠦᠳᠦᠭᠦᠯᠢᠭ᠂ ᠬᠠᠭᠤᠷᠮᠠᠭ︾ ᠰᠤᠷᠲᠠᠯ ᠢ ᠡᠷᠡᠰ ᠲᠠᠶᠠᠭᠳᠠᠵᠤ᠂ ︽ᠭᠤᠷᠪᠠᠨ ᠠᠷᠪᠢᠨ ᠭᠤᠷᠪᠠᠨ ᠴᠥᠭᠡᠨ︾ ᠠᠰᠠᠭᠤᠳᠠᠯ ᠢ ᠪᠥᠬᠦ ᠲᠠᠯ᠎ᠠ ᠪᠠᠷ  ᠰᠢᠢᠳᠪᠥᠷᠢᠯᠡᠵᠥ᠂ ᠠᠵᠢᠯ ᠤᠨ ︽ᠵᠢᠷᠤᠮᠵᠢᠯ ᠂  ᠴᠤᠮᠬᠠᠳᠬᠠᠯ᠂  ᠲᠦᠷᠭᠡᠳᠬᠡᠯ︾  ᠢ  ᠠᠬᠢᠭᠤᠯᠬᠤ ᠬᠡᠷᠡᠭᠳᠡᠢ᠃ ᠲᠥᠪ ᠤᠨ ᠨᠠᠢᠮᠠᠨ  ᠵᠤᠷᠪᠤᠰ ᠲᠣᠭᠲᠠᠭᠠᠯ ᠵᠢᠴᠢ  ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ  ᠭᠦᠢᠴᠡᠳᠬᠡᠨ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠦᠨᠳᠦᠰᠦ ᠰᠤᠷᠪᠤᠯᠵᠢ ᠠᠴᠠ ᠨᠢ ᠵᠠᠰᠠᠨ ᠬᠤᠷᠢᠭᠯᠠᠬᠤ ᠬᠡᠷᠡᠭᠲᠡᠶ ᠭᠡᠵᠡᠢ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ  ᠠᠷᠠᠯᠵᠢᠶᠠᠴᠢᠨ ᠤᠷᠢᠬᠤ ᠲᠥᠯᠦᠪᠯᠡᠭᠡ ᠲᠣᠭᠲᠠᠭᠠᠵᠤ᠂ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ᠂   ᠠᠷᠠᠯᠵᠢᠶ᠎ᠠ  ᠡᠵᠡᠩᠨᠡᠬᠦ ᠣᠷᠴᠢᠨ ᠲᠣᠭᠤᠷᠢᠨ ᠢ  ᠦᠷᠭᠦᠯᠵᠢᠯᠡᠨ ᠰᠠᠶᠢᠵᠢᠷᠠᠭᠤᠯᠵᠤ᠂ ︽ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ︾ ᠶᠢ ᠵᠣᠷᠢᠭᠵᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ  ᠭᠡᠪᠡ᠃      ᠬᠤᠷᠠᠯ ᠠᠴᠠ ᠱᠠᠭᠠᠷᠳᠠᠭᠰᠠᠨ ᠨᠢ  ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠡᠶᠢᠲᠡ ᠶᠢᠨ ᠠᠰᠠᠷᠠᠮᠵᠢ  ᠨᠢᠭᠦᠯᠡᠰᠦᠩᠭᠦᠢ ᠶᠢᠨ  ᠠᠵᠢᠯ ᠤᠨ ᠳᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ  ᠂ ᠤᠯᠠᠨ ᠲᠦᠮᠡᠨ ᠤ  ᠪᠠᠴᠢᠮ ᠲᠤᠯᠭᠠᠮ ᠬᠦᠴᠢᠷ ᠵᠤᠪᠠᠭᠤᠷᠢ ᠲᠠᠢ  ᠠᠰᠠᠭᠤᠳᠠᠯ ᠢ ᠦᠨᠡᠨᠬᠦ ᠰᠢᠢᠳᠪᠦᠷᠢᠯᠡᠵᠦ᠂  ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂  ᠡᠯ᠎ᠡ ᠬᠤᠰᠢᠭᠤᠨ ᠳᠡᠳ᠋ ᠳᠠᠷᠤᠭ᠎ᠠ ᠡᠯ᠎ᠡ ᠰᠠᠯᠠᠭ᠎ᠠ ᠮᠥᠴᠢᠷ ᠤᠨ ᠬᠢᠨ   ︽2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ  ᠪᠠᠶᠢᠭᠤᠯᠵᠤ᠂ ᠲᠠᠪᠤᠨ ᠶᠡᠭᠡ ᠡᠭᠦᠷᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠪᠠᠶᠢᠷᠢᠯᠠᠭᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号