| 6 ᠰᠠᠷ᠎ᠠ ᠶᠢᠨ 21 ᠤ ᠡᠳᠦᠷ᠂ ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ | ᠬᠤᠲᠠ ᠶᠢᠨ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠨᠢ ᠱᠤᠸᠠᠩ ᠶᠠ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠮᠠᠨ ᠤ ᠬᠤᠰᠢᠭᠤᠨ ᠳᠤ ᠢᠷᠡᠵᠥ ᠠᠷᠣ ᠬᠡᠷ ᠲᠡᠭᠡᠨ | ᠦᠯᠡᠳᠡᠵᠥ ᠬᠤᠴᠣᠷᠤᠭᠰᠠᠨ ᠪᠠᠭᠠᠴᠤᠳ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ | ᠲᠤᠰᠠᠯᠠᠬᠤ ᠰᠢᠷᠢᠰ ᠠᠵᠢᠯᠯᠠᠭ᠎ᠠ ᠥᠷᠨᠢᠭᠦᠯᠵᠦ᠂ 15 ᠨᠡᠷ᠎ᠡ ᠪᠠᠭᠠᠴᠤᠳ ᠬᠡᠤᠬᠡᠳ ᠲᠤ ᠬᠠᠶᠢᠷ᠎ᠠ ᠬᠠᠯᠠᠮᠵᠢ | ᠬᠦᠷᠲᠡᠭᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠨᠡᠶᠢᠭᠡᠮ ᠤᠨ ᠲᠤᠰᠬᠠᠶ ᠠᠵᠢᠯᠲᠠᠨ ᠪᠠ ᠰᠠᠶᠢᠨ ᠳᠤᠷ᠎ᠠ ᠶᠢᠨ | ᠦᠢᠯᠡᠴᠢᠯᠡᠭᠴᠢᠳ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ᠂ ᠳᠠᠭᠤᠷᠢᠶᠠᠨ ᠬᠦᠳᠡᠯᠬᠦ ᠂ | ᠲᠣᠭᠯᠠᠭᠠᠮ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠤᠬᠡᠳ ᠢ ᠬᠠᠪᠰᠤᠷᠤᠨ ᠤᠷᠮ᠎ᠠ ᠰᠡᠳᠬᠢᠯᠭᠡ ᠪᠠᠨ ᠡᠵᠡᠮᠳᠡᠬᠦ ᠪᠠ | ᠨᠡᠶᠢᠭᠡᠮ ᠤᠨ ᠬᠠᠷᠢᠯᠴᠠᠭᠠᠨ ᠤ ᠤᠷ᠎ᠠ ᠮᠡᠷᠭᠡᠵᠢᠯ ᠢ ᠰᠤᠷᠤᠯᠴᠠᠭᠤᠯᠪᠠ᠃ ᠡᠭᠦᠨ ᠤ ᠬᠠᠮᠲᠤ᠂ ᠠᠵᠢᠯᠲᠠᠳ ᠪᠠᠰᠠ | ᠬᠡᠦᠬᠡᠳ ᠤᠳ ᠲᠤ ᠪᠡᠯᠡᠭ ᠬᠦᠷᠭᠡᠵᠦ᠂ ᠲᠡᠳᠡᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠡᠷᠡᠭᠦᠯ ᠢᠶᠠᠷ | ᠦᠰᠦᠨ ᠪᠤᠶᠢᠵᠢᠬᠤ ᠶᠢ ᠵᠤᠷᠢᠭᠵᠢᠭᠤᠯᠪᠠ᠃ | ᠠᠵᠢᠯᠯᠠᠭ᠎ᠠ ᠶᠢᠨ ᠳᠤᠮᠳᠠ ᠪᠠᠰᠠ ᠬᠦᠴᠢᠷᠳᠡᠯ ᠳᠤ ᠲᠤᠯᠭᠠᠷᠠᠭᠰᠠᠨ ᠬᠡᠷ ᠪᠦᠯᠢ ᠳᠤ ᠠᠮᠢᠳᠤᠷᠠᠯ ᠤᠨ ᠡᠳ᠋ | ᠪᠣᠳᠠᠰ ᠬᠦᠷᠭᠡᠭᠰᠡᠨ ᠪᠥᠭᠡᠳ ᠳᠠᠩᠰᠠᠯᠠᠨ ᠳᠡᠮᠳᠡᠭᠯᠡᠵᠥ᠂ ᠲᠠᠷᠠᠭᠠᠴᠢ ᠶᠢᠨ ᠬᠠᠪᠰᠤᠷᠤᠨ ᠲᠡᠳᠬᠦᠬᠦ ᠬᠡᠷᠡᠭᠴᠡᠭᠡ | ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | |