| | 6 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠮᠠ ᠶᠦᠩ ᠭᠠᠩ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠥ ᠰᠦᠢᠳᠬᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ | ᠭᠠᠵᠠᠷ ᠰᠢᠷᠣᠶ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠵᠢᠴᠢ ᠬᠤᠶᠠᠳᠤᠭᠠᠷ ᠡᠭᠡᠯᠵᠢ ᠶᠢᠨ ᠭᠠᠵᠠᠷ | ᠰᠢᠷᠣᠶ ᠶᠢᠨ ᠳᠠᠭᠠᠭᠠᠴᠢᠯᠠᠯᠲᠠ ᠶᠢ ᠤᠷᠲᠤᠳᠬᠠᠬᠤ ᠵᠡᠷᠭᠡ ᠠᠵᠢᠯ ᠢ ᠰᠣᠳᠣᠯᠣᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ | ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠠᠭᠤᠭᠠᠯᠢ ᠣᠷᠴᠢᠨ ᠢ ᠴᠡᠭᠴᠡᠯᠡᠨ | ᠵᠠᠰᠠᠬᠤ ᠶᠢ ᠬᠠᠮᠵᠢᠯᠴᠠᠨ ᠠᠬᠢᠭᠤᠯᠵᠤ᠂ ᠬᠥᠳᠡᠭᠡ ᠲᠣᠰᠬᠤᠨ ᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ | ᠲᠦᠷᠭᠡᠨ ᠰᠠᠶᠢᠵᠢᠷᠠᠭᠤᠯᠵᠤ᠂ ᠥᠷᠭᠡᠨ ᠤᠯᠠᠨ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ | ᠡᠳ᠋ᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠬᠤᠰᠢᠭᠤ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ | ᠦᠢᠯᠡᠰ ᠢ ᠲᠠᠰᠤᠷᠠᠯᠳᠠ ᠦᠭᠡᠢ ᠪᠤᠶᠢᠵᠢᠭᠤᠯᠤᠨ ᠬᠦᠴᠥᠷᠬᠡᠭᠵᠢᠭᠦᠯᠵᠥ᠂ ᠬᠥᠳᠡᠭᠡ ᠠᠵᠤ ᠠᠬᠤᠢ ᠶᠢ ᠬᠥᠭᠵᠢᠭᠦᠯᠦᠨ | ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠬᠥᠳᠡᠭᠡ | ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠤᠶᠠᠳᠤᠭᠠᠷ ᠡᠭᠡᠯᠵᠢ ᠶᠢᠨ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠪᠠ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠥ | ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠴᠡᠭᠴᠡᠯᠡᠨ | ᠰᠠᠶᠢᠵᠢᠷᠠᠭᠤᠯᠵᠤ ᠬᠡᠷᠡᠭ ᠢ ᠰᠢᠢᠳᠪᠥᠷᠢᠯᠡᠨ᠂ ᠦᠷ᠎ᠡ ᠪᠦᠲᠥᠮᠵᠢ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠢ ᠳᠠᠬᠢᠨ ᠭᠤᠴᠢᠨ ᠵᠢᠯ | ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠥᠮᠴᠢᠯᠡᠯ ᠤᠨ ᠡᠷᠬᠡ᠂ | ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ︽ᠭᠤᠷᠪᠠᠨ ᠡᠷᠬᠡ︾ ᠶᠢ ᠰᠠᠯᠭᠠᠬᠤ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ ᠶᠢ ᠤᠷᠲᠤᠳᠬᠠᠬᠤ | ᠳᠤᠮᠳᠠᠬᠢ ᠵᠥᠷᠢᠴᠡᠯ ᠵᠢᠭᠤᠷᠠᠯᠳᠤᠭᠠᠨ ᠢ ᠲᠣᠬᠢᠲᠠᠶ ᠨᠠᠮᠳᠠᠭᠤᠯᠵᠤ᠂ ᠳᠠᠭᠠᠭᠠᠴᠢᠯᠠᠭᠰᠠᠨ ᠭᠠᠵᠠᠷ ᠤᠨ ᠡᠷᠬᠡ ᠶᠢ | ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠶᠡᠷᠦᠩᠬᠡᠶ ᠳᠡᠭᠡᠨ | ᠤᠷᠤᠭᠰᠢᠲᠠᠶ᠂ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | ᠰᠦᠨ ᠮᠢᠩ ᠲᠤᠤ᠂ ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠴᠠᠭᠠᠨᠪᠠᠭᠠᠲᠤᠷ᠂ ᠳ᠋ᠠᠢ ᠢᠦᠢ ᠬᠤᠸᠠ | ᠬᠤᠷᠠᠯ ᠳᠤ ᠣᠷᠣᠯᠴᠠᠪᠠ᠃ | | | | |