| | 6 ᠰᠠᠷ᠎ᠠ ᠶᠢᠨ 20 ᠤ ᠡᠳᠦᠷ᠂ ᠪᠥᠬᠦ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ | ᠠᠬᠤᠶᠢᠯᠠᠯ ᠤᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠬᠡᠷ ᠪᠠᠶᠢᠰᠢᠩ ᠭᠠᠵᠠᠷ | ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ᠂ ᠠᠵᠤ ᠠᠬᠤᠶᠢᠯᠠᠯ ᠤᠨ ᠬᠦᠰᠡᠯ | ᠱᠠᠭᠠᠷᠳᠠᠯᠭ᠎ᠠ ᠶᠢ ᠰᠣᠨᠣᠰᠣᠨ᠂ ᠵᠠᠰᠠᠭ ᠠᠵᠤ ᠠᠬᠤᠶᠢᠯᠠᠯ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ | ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ ᠬᠠᠮᠵᠢᠯᠴᠠᠨ ᠬᠦᠴᠦᠯᠡᠬᠦ ᠪᠠᠷ ᠳᠠᠮᠵᠢᠭᠤᠯᠤᠨ᠂ ᠵᠠᠬ᠎ᠠ | ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠣᠯᠠᠨ ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠶᠢ | ᠬᠠᠩᠭᠠᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ | ᠶᠦᠩ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠰᠠᠭᠤᠳᠠᠯ ᠤᠨ ᠬᠤᠷᠠᠯ ᠳᠡᠭᠡᠷ᠎ᠡ᠂ ᠣᠩᠨᠢᠭᠤᠳ ᠬᠤᠰᠢᠭᠤᠨ ᠤ ᠸᠠᠨ ᠳ᠋ᠠ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠠᠵᠤ ᠠᠬᠤᠶᠢᠯᠠᠯ ᠤᠨ | ᠲᠥᠯᠥᠭᠡᠯᠡᠭᠴᠢ ᠤᠷᠢᠳ ᠬᠤᠵᠢᠳ ᠶᠠᠷᠢᠶ᠎ᠠ ᠲᠠᠯᠪᠢᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠠᠳᠠᠭᠠᠯᠠᠯᠲᠠ ᠶᠢ | ᠪᠠᠭᠠᠰᠬᠠᠬᠤ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢ ᠵᠢᠷᠤᠮᠵᠢᠭᠤᠯᠬᠤ᠂ ᠰᠠᠭᠤᠭᠠᠯᠢ ᠲᠣᠭᠤᠷᠢᠭ ᠤᠨ | ᠠᠳᠠᠯ ᠠᠬᠤᠶ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ | ᠵᠡᠷᠭᠡ ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ ᠲᠣᠰ ᠲᠣᠰ ᠥᠪᠡᠷ ᠦᠪᠡᠷ ᠤᠨ ᠰᠠᠨᠠᠯ ᠢᠶᠠᠨ ᠶᠠᠷᠢᠵᠤ᠂ ᠰᠠᠨᠠᠯ | ᠰᠠᠨᠠᠭᠤᠯᠭ᠎ᠠ ᠳᠤᠷᠠᠳᠪᠠ᠃ ᠠᠵᠤ ᠠᠬᠤᠶᠢᠯᠠᠯ ᠤᠨ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ᠂ | ᠭᠠᠷᠳᠠᠮ ᠭᠦᠢᠴᠡᠳᠭᠡᠬᠦ᠂ ᠵᠠᠬ᠎ᠠ ᠳᠡᠯᠭᠡᠭᠦᠷ ᠢ ᠥᠷᠭᠡᠳᠬᠡᠬᠦ ᠵᠡᠷᠭᠡ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ | ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠳ ᠨᠢᠭᠡ ᠪᠠᠷ ᠬᠠᠷᠢᠭᠤ ᠥᠭᠴᠦ᠂ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠥᠷᠢᠯᠡᠵᠥ ᠥᠭᠪᠡ᠃ | ᠬᠤᠷᠠᠯ ᠠᠴᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ | ᠬᠠᠷᠢᠴᠠᠭᠠᠨ ᠤ ᠰᠢᠨ᠎ᠡ ᠬᠤᠪᠢᠷᠠᠯᠲᠠ ᠶᠢ ᠭᠦᠢᠴᠡᠳ ᠲᠠᠨᠢᠵᠤ᠂ ᠴᠢᠨᠠᠷ ᠰᠠᠶᠢᠲᠠᠶ ᠣᠷᠣᠨ ᠰᠠᠭᠤᠴᠠ ᠶᠢᠨ ᠲᠤᠬᠠᠶ | ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠦᠨ᠂ ᠣᠷᠣᠨ ᠰᠠᠭᠤᠴᠠ ᠶᠢᠨ ᠬᠠᠩᠭᠠᠯᠭ᠎ᠠ ᠶᠢᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠦᠨᠳᠥᠰᠥᠨ ᠴᠢᠨᠠᠷᠲᠠᠶ | ᠳᠦᠷᠢᠮ ᠳᠤ ᠥᠭᠡᠷᠡᠴᠢᠯᠡᠯᠲᠡ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠬᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ᠂ ︽ᠴᠢᠨᠠᠷ ᠰᠠᠶᠢᠨ ᠬᠡᠷ ᠪᠠᠶᠢᠰᠢᠩ︾ ᠤᠨ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠯᠥᠪᠵᠢᠭᠦᠯᠭᠡ᠂ ᠭᠠᠵᠠᠷ ᠰᠢᠷᠣᠶ᠂ ᠡᠳ᠋ ᠤᠨ | ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠯᠠᠨ ᠶᠠᠩᠵᠤ ᠶᠢᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠴᠢᠨᠠᠷ ᠰᠠᠶᠢᠲᠠᠶ ᠬᠡᠷ ᠪᠠᠶᠢᠰᠢᠩ ᠤᠨ ᠢᠷᠡᠯᠲᠡ ᠶᠢ ᠤᠯᠠᠮ ᠨᠢᠭᠡ ᠠᠯᠬᠤᠮ ᠡᠮᠬᠢᠯᠡᠨ | ᠨᠡᠶᠢᠯᠡᠭᠦᠯᠵᠦ᠂ ᠬᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠵᠤ᠂ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠤᠨ᠂ ᠬᠡᠷ ᠪᠠᠶᠢᠰᠢᠩ ᠭᠠᠵᠠᠷ ᠬᠥᠷᠥᠩᠭᠡ ᠶᠢᠨ | ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠵᠦ᠂ ᠣᠯᠠᠨ ᠲᠦᠮᠡᠨ ᠳᠤ ᠬᠡᠷ ᠪᠠᠶᠢᠰᠢᠩ ᠬᠤᠳᠠᠯᠳᠤᠨ ᠠᠪᠬᠤ ᠦᠨᠡᠨ | ᠪᠣᠳᠠᠲᠠᠶ ᠠᠰᠠᠷᠠᠮᠵᠢ ᠬᠦᠷᠲᠡᠭᠡᠬᠦ ᠬᠡᠷᠡᠭᠲᠡᠶ ᠭᠡᠪᠡ᠃ | ᠬᠤᠷᠠᠯ ᠠᠴᠠ 1 - 5 ᠰᠠᠷ᠎ᠠ ᠪᠤᠯᠳᠠᠯᠠᠬᠢ ᠪᠥᠬᠦ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠠᠵᠢᠯᠯᠠᠭᠠᠨ ᠪᠠ 2025 ᠣᠨ ᠤ ᠬᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠤ ᠪᠡᠯᠡᠳᠬᠡᠯ | ᠪᠠᠶᠢᠳᠠᠯ ᠢ ᠵᠠᠷᠯᠠᠨ ᠮᠡᠳᠡᠭᠳᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ | ᠳᠡᠳ᠋ ᠬᠤᠰᠢᠭᠤᠨ ᠳᠠᠷᠤᠭ᠎ᠠ ᠭᠤᠤ ᠶᠦᠩ ᠡᠤ᠂ ᠬᠤᠰᠢᠭᠤᠨ ᠳᠡᠳ᠋ ᠳᠠᠷᠤᠭ᠎ᠠ ᠳᠤᠪᠳᠤᠨᠰᠡᠩᠭᠡ ᠬᠤᠷᠠᠯ ᠳᠤ | ᠣᠷᠣᠯᠴᠠᠪᠠ᠃ | | |