| | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠠᠷᠪᠠᠳᠤᠭᠠᠷ ᠪᠦᠯᠦᠭ | ᠭᠤᠤᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠭᠰᠠᠨ ᠪᠠ ᠬᠢᠨᠠᠨ ᠬᠡᠮᠵᠢᠭᠰᠡᠨ ᠦᠷ᠎ᠡ | ᠳ᠋ᠦᠩ ᠢ ᠨᠡᠶᠢᠲᠡᠯᠡᠪᠡ ᠃ ᠡᠭᠦᠨ ᠳᠤ ᠮᠠᠨ ᠤ ᠬᠤᠰᠢᠭᠤᠨ 15 ᠡᠷᠥᠬᠡ ᠠᠵᠤ ᠠᠬᠤᠶᠢᠯᠠᠯ | ᠵᠢᠭᠰᠠᠭᠠᠭᠳᠠᠭᠰᠠᠨ ᠪᠠᠶᠢᠨ᠎ᠠ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ | ᠦᠶᠢᠯᠡᠰᠵᠢᠭᠰᠡᠨ ᠠᠵᠤ ᠠᠬᠤᠶᠢᠯᠠᠯ ᠨᠢ ︽ᠺᠣᠮᠫᠠᠨᠢ ᠂ ᠬᠤᠷᠰᠢᠶᠠᠵᠢᠯ᠂ ᠲᠠᠷᠢᠶᠠᠴᠢᠨ ᠡᠷᠦᠬᠡ︾ ᠬᠤᠯᠪᠤᠭᠠᠯᠠᠬᠤ | ᠵᠠᠭᠪᠤᠷ ᠢ ᠬᠡᠷᠡᠭᠯᠡᠬᠦ ᠪᠠᠷ ᠳᠠᠮᠵᠢᠨ᠂ ᠲᠠᠷᠠᠬᠠᠶ ᠪᠤᠲᠠᠷᠬᠠᠶ ᠮᠠᠯᠵᠢᠬᠤ ᠲᠠᠷᠢᠶᠠᠯᠠᠬᠤ ᠡᠷᠦᠬᠡ ᠶᠢ ᠠᠵᠤ ᠦᠢᠯᠡᠰ ᠤᠨ | ᠬᠡᠯᠬᠢᠶᠡᠵᠢᠯ ᠳᠤ ᠳᠠᠳᠠᠨ ᠣᠷᠣᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠳᠠᠶᠢᠴᠢᠯᠠᠬᠤ᠂ | ᠲᠠᠷᠢᠶᠠᠴᠢᠳ ᠤᠨ ᠲᠤᠰᠬᠠᠶ ᠬᠤᠷᠰᠢᠶᠠᠵᠢᠯ ᠢᠶᠠᠷ ᠳᠠᠭᠠᠭᠤᠯᠬᠤ᠂ ᠲᠠᠷᠢᠶᠠᠴᠢᠨ ᠡᠷᠦᠬᠡ ᠤᠷᠤᠯᠴᠠᠬᠤ ᠠᠵᠤ | ᠦᠢᠯᠡᠰ ᠤᠨ ᠠᠭᠤᠰᠤᠯᠴᠠᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠠᠶᠢᠭᠤᠯᠵᠤ᠂ ᠲᠤᠭ᠎ᠠ ᠬᠡᠮᠵᠢᠶ᠎ᠡ ᠶᠢ | ᠨᠡᠮᠡᠭᠳᠡᠭᠦᠯᠬᠦ ᠠᠴᠠ ᠶᠠᠰᠤ ᠴᠢᠨᠠᠷ ᠢ ᠳᠡᠭᠡᠭᠰᠢᠯᠡᠭᠦᠯᠬᠦ᠂ ᠲᠠᠩ ᠭᠠᠭᠴᠠ ᠦᠢᠯᠡᠳᠪᠥᠷᠢᠯᠡᠯ ᠠᠴᠠ ᠶᠡᠷᠦᠩᠬᠡᠶᠢᠯᠡᠨ | ᠳᠠᠶᠢᠴᠢᠯᠠᠬᠤ᠂ ᠠᠰᠢᠭ ᠣᠷᠣᠯᠭ᠎ᠠ ᠶᠢ ᠭᠠᠭᠴᠠᠭᠠᠷ ᠡᠵᠡᠯᠡᠬᠦ ᠠᠴᠠ ᠠᠰᠢᠭ ᠣᠯᠵᠠᠪᠤᠷᠢ ᠶᠢ ᠬᠠᠮᠲᠤ ᠪᠠᠷ ᠡᠳ᠋ᠯᠡᠬᠦ | ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠣᠷᠣᠨ ᠪᠦᠰᠡ ᠶᠢᠨ ᠠᠵᠤ ᠦᠢᠯᠡᠰ ᠤᠨ ᠬᠡᠯᠬᠢᠶᠡᠵᠢᠯ ᠤᠨ | ᠬᠠᠮᠵᠢᠯᠴᠠᠨ ᠬᠥᠭᠵᠢᠬᠦ ᠬᠢᠷᠢ ᠲᠦᠪᠰᠢᠨ ᠢ ᠳᠡᠭᠡᠭᠰᠢᠯᠡᠭᠦᠯᠵᠥ᠂ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ |