| | 6 ᠰᠠᠷ᠎ᠠ ᠶᠢᠨ 18 ᠤ ᠡᠳᠦᠷ᠂ ᠣᠩᠨᠢᠭᠤᠳ ᠬᠤᠰᠢᠭᠤ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ | ᠤᠨᠤᠪᠴᠢᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ | ᠬᠤᠷᠠᠯᠳᠤᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ | ᠰᠤᠳᠤᠯᠭᠠᠨ ᠤ ᠭᠠᠵᠠᠷ ᠤᠨ ᠸᠠᠩ ᠺᠧ ᠷᠦ᠋ ᠲᠤᠰᠬᠠᠢ ᠮᠡᠷᠭᠡᠵᠢᠯᠲᠡᠨ ᠪᠤᠯᠤᠨ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠤᠪᠴᠢᠶᠠᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠳ ᠲᠤᠬᠠᠶ ᠶᠢᠨ ᠲᠠᠯᠠᠪᠠᠶ ᠳᠤ ᠵᠢᠭᠠᠨ | ᠵᠢᠯᠤᠭᠤᠳᠤᠭᠰᠠᠨ ᠪᠠᠶᠢᠨ᠎ᠠ᠃ | ᠸᠠᠩ ᠺᠧ ᠷᠦ ᠵᠡᠷᠭᠡ ᠲᠤᠰᠬᠠᠢ ᠮᠡᠷᠭᠡᠵᠢᠯᠲᠡᠨ ᠠᠴᠠ ᠡᠷᠳᠡᠨᠢ ᠰᠢᠰᠢ ᠶᠢᠨ ᠤᠷᠭᠤᠯᠳᠠ ᠶᠢᠨ ᠪᠠᠶᠢᠳᠠᠯ ᠲᠠᠢ | ᠤᠶᠠᠯᠳᠤᠭᠤᠯᠤᠨ᠂ ᠬᠢᠮᠢ ᠶᠢᠨ ᠡᠮ ᠢᠶᠠᠷ ᠡᠪᠡᠰᠦ ᠠᠷᠢᠯᠭᠠᠬᠤ᠂ ᠨᠢᠭᠲᠠ ᠲᠠᠷᠢᠬᠤ᠂ ᠰᠡᠭᠦᠯᠴᠢ ᠶᠢᠨ ᠬᠤᠭᠤᠴᠠᠭᠠᠨ ᠤ | ᠤᠰᠤ ᠪᠤᠷᠳᠤᠭᠤᠷ ᠤᠨ ᠬᠠᠮᠢᠶᠠᠷᠤᠯᠲᠠ ᠵᠢᠴᠢ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ | ᠮᠡᠷᠭᠡᠵᠢᠯ ᠪᠣᠯᠤᠨ ᠠᠩᠬᠠᠷᠬᠤ ᠵᠦᠢᠯ ᠢ ᠣᠶᠢᠯᠠᠭᠠᠮᠵᠢᠲᠠᠢ ᠲᠠᠶᠢᠯᠪᠤᠷᠢᠯᠠᠭᠰᠠᠨ ᠤ ᠬᠠᠮᠲᠤ ᠬᠤᠷᠠᠯ ᠳᠤ | ᠣᠷᠣᠯᠴᠠᠭᠰᠠᠳ ᠢ ᠰᠤᠷᠤᠯᠴᠠᠬᠤ ᠲᠣᠬᠢᠶᠠᠯ ᠢᠶᠠᠨ ᠰᠠᠶᠢᠲᠤᠷ ᠨᠠᠨᠳᠢᠩᠨᠠᠵᠤ᠂ ᠰᠣᠷᠣᠭᠰᠠᠨ ᠤᠨᠤᠯ ᠤᠨ ᠮᠡᠳᠡᠯᠭᠡ ᠪᠠᠨ | ᠦᠢᠯᠡᠳᠦᠯᠭᠡ ᠳᠤ ᠦᠳᠲᠡᠷ ᠲᠦᠷᠭᠡᠨ ᠬᠡᠷᠡᠭᠵᠢᠭᠦᠯᠬᠦ ᠶᠢ ᠱᠠᠭᠠᠷᠳᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ 2025 ᠣᠨ ᠳᠤ ᠣᠩᠨᠢᠭᠤᠳ ᠬᠤᠰᠢᠭᠤᠨ ᠤ ᠡᠷᠳᠡᠨᠢ ᠰᠢᠰᠢ ᠲᠠᠷᠢᠭᠰᠠᠨ ᠲᠠᠯᠠᠪᠠᠶ | 251 ᠲᠦᠮᠡᠨ ᠮᠥ ᠪᠠᠶᠢᠵᠤ᠂ ᠡᠭᠦᠨ ᠳᠤ ᠡᠷᠳᠡᠨᠢ ᠰᠢᠰᠢ ᠶᠢ ᠨᠢᠭᠲᠠ ᠲᠠᠷᠢᠵᠤ ᠨᠠᠷᠢᠯᠢᠭ ᠣᠨᠣᠴᠠᠲᠠᠶ | ᠳᠣᠭᠢᠷᠠᠭᠤᠯᠤᠨ ᠡᠵᠡᠮᠳᠡᠬᠦ ᠮᠡᠷᠭᠡᠵᠢᠯ ᠢ ᠳᠡᠯᠭᠡᠷᠡᠭᠦᠯᠦᠭᠰᠡᠨ ᠲᠠᠯᠠᠪᠠᠶ 30 ᠲᠦᠮᠡᠨ ᠮᠥ ᠳᠤ ᠬᠦᠷᠴᠡᠢ᠃ ᠲᠣᠰ | ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠰᠡᠨ ᠢᠶᠠᠷ᠂ ᠪᠥᠬᠦ ᠬᠤᠰᠢᠭᠤᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ | ᠤᠨᠠᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ | ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯ ᠬᠠᠩᠭᠠᠭᠰᠠᠨ ᠪᠠᠶᠢᠨ᠎ᠠ᠃ |