ᠮᠠ ᠶᠦᠩ ᠭᠠᠩ  ᠬᠤᠰᠢᠭᠤᠨ  ᠤ  ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ  ᠤᠨ 2025 ᠣᠨ ᠤ 8 ᠳ᠋ᠤᠭᠠᠷ ᠤᠳᠠᠭᠠᠨ ᠤ ᠬᠤᠷᠠᠯ  ᠢ ᠡᠷᠭᠢᠯᠡᠨ  ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/3
             5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ 2025 ᠣᠨ ᠤ 8 ᠳ᠋ᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ  ᠬᠤᠷᠠᠯᠳᠤᠭᠤᠯᠪᠠ᠃  ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠬᠡᠰᠢᠭᠦᠳ ᠬᠤᠷᠠᠯ ᠳᠤ ᠣᠷᠣᠯᠴᠠᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠳᠤᠭᠤᠰᠢᠯᠠᠭᠤᠯᠵᠤ᠂ ᠪᠦᠬᠦ ᠬᠤᠰᠢᠭᠤᠨ ᠤ   ᠪᠤᠳᠠᠳᠠᠢ ᠪᠠᠶᠢᠳᠠᠯ ᠢ ᠣᠨᠣᠪᠴᠢᠲᠠᠶ ᠡᠵᠡᠮᠳᠡᠨ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠨᠢᠭᠡ ᠪᠦᠯᠦᠭ ᠰᠠᠭᠤᠷᠢ ᠲᠠᠯᠪᠢᠬᠤ᠂ ᠠᠯᠤᠰ ᠬᠡᠲᠦ  ᠶᠢᠨ ᠠᠰᠢᠭᠲᠠᠶ᠂ ᠲᠤᠯᠭᠠᠭᠤᠷᠢᠯᠠᠬᠤ ᠬᠦᠴᠦᠨ ᠲᠠᠢ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠨᠠᠷᠢᠨ ᠨᠢᠮᠪᠠᠶ ᠲᠥᠯᠥᠪᠯᠡᠨ ᠨᠥᠭᠡᠴᠡᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ  ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ᠂ ᠠᠷᠠᠳ ᠤᠯᠠᠨ ᠢ ᠥᠷᠭᠡᠨ ᠢᠶᠠᠷ ᠲᠠᠶᠢᠴᠢᠯᠠᠨ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ  ᠭᠡᠵᠡᠢ᠃       ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ︽ᠨᠠᠮ ᠵᠠᠰᠠᠭ ᠤᠨ ᠪᠠᠶᠢᠭᠤᠯᠭ᠎ᠠ ᠠᠷᠪᠢᠯᠠᠨ  ᠭᠠᠮᠨᠠᠬᠤ ᠶᠢ ᠡᠷᠬᠢᠮᠯᠡᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠦᠷᠢᠮ︾ ᠳᠠᠬᠢ ᠵᠠᠷᠤᠳᠠᠯ ᠤᠨ ᠬᠠᠮᠢᠶᠠᠷᠤᠯᠲᠠ᠂ ᠠᠯᠪᠠᠨ ᠶᠠᠪᠤᠳᠠᠯ ᠤᠨ ᠵᠣᠴᠢᠯᠠᠭ᠎ᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠵᠡᠷᠭᠡ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃     ᠬᠤᠷᠠᠯ ᠠᠴᠠ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠵᠤᠬᠢᠰᠳᠠᠢ ᠲᠤᠬᠢᠷᠠᠭᠤᠯᠤᠨ ᠪᠠᠶᠢᠷᠢᠯᠠᠭᠤᠯᠵᠤ᠂  ᠵᠢᠷᠤᠭᠯᠠᠨ ᠲᠦᠯᠥᠪᠵᠢᠭᠦᠯᠵᠥ᠂  ᠬᠢᠷᠢ ᠪᠦᠲᠥᠮᠵᠢ ᠭᠠᠷᠭᠠᠬᠤ  ᠂ ᠲᠠᠩᠰᠠ  ᠳᠤᠰᠢᠶᠠᠬᠤ ᠤᠬᠠᠮᠰᠠᠷ ᠢ ᠪᠠᠲᠤ ᠪᠤᠢ ᠪᠣᠯᠭᠠᠵᠤ᠂ ᠲᠠᠪᠤᠨ ᠶᠡᠭᠡ ᠡᠭᠦᠷᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠵᠦᠢᠯ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠷᠤᠭᠰᠢᠲᠠᠢ ᠲᠡᠭᠦᠰᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ ᠪᠠᠰᠠ ᠪᠤᠰᠤᠳ ᠵᠦᠢᠯ ᠢ  ᠰᠤᠳᠤᠯᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号