ᠣᠩᠨᠢᠭᠤᠳ ᠬᠤᠰᠢᠭᠤᠨ  ᠤ 2025 ᠣᠨ ᠤ ᠰᠢᠯᠢᠳᠡᠭ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/6/3
     5 ᠰᠠᠷ᠎ᠠ ᠶᠢᠨ 30 ᠤ ᠡᠳᠦᠷ᠂ ᠣᠩᠨᠢᠭᠤᠳ ᠬᠤᠰᠢᠭᠤᠨ ᠤ 2025 ᠣᠨ ᠤ ᠰᠢᠯᠢᠳᠡᠭ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠰᠤᠷᠤᠯᠭ᠎ᠠ ᠲᠡᠭᠦᠰᠬᠦ ᠶᠣᠰᠣᠯᠠᠯ ᠶᠠᠪᠤᠭᠤᠯᠪᠠ᠃ ᠬᠤᠰᠢᠭᠤᠨ ᠨᠠᠮ ᠤᠨ ᠬᠤᠷᠢᠶᠠᠨ ᠤ ᠱᠦᠵᠢ᠂ ᠨᠠᠮ ᠤᠨ ᠰᠤᠷᠭᠠᠭᠤᠯᠢ ᠶᠢᠨ ᠵᠠᠬᠢᠷᠤᠯ ᠮᠥᠩᠬᠡ ᠰᠤᠷᠤᠯᠭ᠎ᠠ ᠲᠡᠭᠦᠰᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠮᠦᠩᠬᠡ  ᠶᠠᠷᠢᠶᠠᠨ ᠳᠠᠭᠠᠨ᠂ ᠡᠷᠬᠢᠮ ᠳᠡᠭᠡᠳᠦ ᠬᠦᠰᠡᠯᠡᠩ ᠢ ᠪᠤᠢ ᠪᠣᠯᠭᠠᠨ᠂ ᠢᠲᠡᠭᠡᠯ ᠪᠢᠰᠢᠷᠡᠯ ᠢᠶᠠᠨ ᠪᠠᠲᠤᠳᠬᠠᠬᠤ ᠪᠣᠯ ᠵᠠᠯᠠᠭᠤ ᠺᠠᠳ᠋ᠷᠴᠤᠳ ᠤᠨ ᠠᠮᠢᠳᠤᠷᠠᠯ ᠳᠤᠮᠳᠠᠬᠢ ᠬᠥᠳᠡᠯᠭᠡᠬᠦ ᠬᠦᠴᠦᠨ ᠮᠥᠨ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢᠲᠡᠭᠡᠯ ᠪᠢᠰᠢᠷᠡᠯ ᠢᠶᠠᠨ  ᠪᠠᠲᠤᠳᠬᠠᠨ᠂ ᠦᠷᠭᠦᠯᠵᠢ ᠳᠠᠪᠲᠠᠨ ᠪᠤᠯᠪᠠᠰᠤᠷᠠᠵᠤ᠂ ᠴᠠᠭ ᠢᠮᠠᠭᠲᠠ ᠨᠠᠮ ᠳᠠᠭᠠᠨ ᠦᠨᠡᠨᠴᠢ ᠮᠦᠷᠲᠡᠭᠡᠨ ᠨᠠᠮ ᠢᠶᠠᠨ  ᠦᠨᠢᠲᠡ ᠲᠠᠭᠠᠨ᠂ ᠲᠤᠭ ᠲᠡᠮᠳᠡᠭ ᠲᠣᠳᠣᠷᠬᠠᠢ᠂ ᠵᠣᠭᠰᠣᠯᠲᠠ ᠪᠠᠲᠤ ᠪᠠᠶᠢᠬᠤ ᠬᠡᠷᠡᠭᠲᠡᠢ ᠭᠡᠵᠡᠢ  ᠃      ᠮᠦᠩᠬᠡ ᠴᠢᠩᠭᠠᠳᠬᠠᠭᠰᠠᠨ ᠨᠢ᠂ ᠬᠠᠷᠢᠭᠤᠴᠠᠯᠭ᠎ᠠ ᠡᠭᠦᠷᠭᠡᠯᠡᠬᠦ ᠪᠣᠯ ᠺᠠᠳ᠋ᠷᠴᠤᠳ ᠤᠨ ᠦᠨ᠎ᠡ ᠦᠷᠳᠡᠭ ᠪᠤᠯᠬᠤ ᠶᠤᠮ᠃ ᠤᠯᠠᠨ ᠢᠶᠠᠷ ᠵᠶ᠋ᠠᠨ‌ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠠᠵᠢᠯ  ᠳᠤ ᠰᠠᠨᠠᠭᠠᠴᠢᠯᠠᠭ᠎ᠠ ᠠᠴᠠ ᠪᠠᠨ  ᠣᠷᠣᠯᠴᠠᠨ᠂ ᠤᠯᠠᠨ ᠲᠦᠮᠡᠨ ᠳᠤ ᠦᠢᠯᠡᠴᠢᠯᠡᠬᠦ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠵᠠᠪᠠᠯ ᠦᠢᠯᠡᠳᠦᠯᠭᠡᠵᠢᠭᠦᠯᠬᠦ  ᠬᠡᠷᠡᠭᠳᠡᠢ  ᠭᠡᠵᠡᠢ᠃      ᠮᠦᠩᠭᠡ ᠴᠢᠬᠤᠯᠠᠴᠢᠯᠠᠭᠰᠠᠨ ᠨᠢ᠂ ᠺᠠᠳ᠋ᠷᠴᠤᠳ ᠡᠷᠬᠡᠪᠰᠢ ᠬᠤᠷᠢᠭ᠎ᠠ ᠱᠤᠭᠤᠮ ᠢ ᠪᠡᠲᠤ ᠰᠠᠬᠢᠨ᠂ ᠨᠠᠮ ᠠᠷᠠᠳ ᠲᠦᠮᠡᠨ ᠢᠶᠠᠨ ᠬᠦᠨᠳᠦᠳᠬᠡᠵᠦ᠂ ᠬᠠᠤᠯᠢ ᠰᠠᠬᠢᠯᠭ᠎ᠠ ᠶᠢ  ᠵᠢᠷᠤᠮᠯᠠᠨ᠂ ᠦᠭᠡ  ᠶᠠᠷᠢᠶ᠎ᠠ ᠪᠠᠨ  ᠠᠩᠬᠠᠷᠴᠤ᠂  ᠶᠠᠮᠠᠷᠴᠦ  ᠠᠰᠠᠭᠤᠳᠠᠯ  ᠲᠤᠯᠭᠠᠷᠠᠵᠤ᠂  ᠶᠠᠮᠠᠷᠴᠦ ᠠᠵᠢᠯ ᠤᠨ ᠪᠠᠶᠢᠷᠢ ᠳᠤ ᠪᠠᠶᠢᠭᠰᠠᠨ ᠴᠤ ᠰᠠᠬᠢᠯᠭ᠎ᠠ ᠪᠠᠲᠤ ᠶᠣᠰᠣ ᠲᠦᠷᠢᠮ ᠢ ᠴᠠᠭ ᠢᠮᠠᠭᠲᠠ  ᠵᠢᠷᠤᠮᠯᠠᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠵᠠᠪᠠᠯ  ᠪᠠᠷᠢᠮᠳᠠᠯᠠᠬᠤ ᠬᠡᠷᠡᠭᠲᠡᠢ ᠭᠡᠵᠡᠢ  ᠃      ᠮᠦᠩᠬᠡ ᠶᠠᠷᠢᠶᠠᠨ ᠳᠠᠭᠠᠨ᠂ ᠪᠦᠬᠦ ᠰᠤᠷᠤᠭᠴᠢᠳ ᠡᠨᠡ ᠤᠳᠠᠭᠠᠨ ᠤ ᠪᠣᠯᠪᠠᠰᠤᠷᠠᠯ ᠢᠶᠠᠷ ᠰᠢᠨ᠎ᠡ ᠡᠬᠢᠯᠡᠯᠲᠡ ᠪᠣᠯᠭᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ  ᠳᠤ ᠤᠶᠤᠨ ᠤᠬᠠᠭᠠᠨ ᠬᠦᠴᠦᠨ ᠴᠢᠳᠠᠯ ᠢᠶᠠᠨ  ᠡᠷᠭᠦᠨ᠂ ᠰᠢᠨ᠎ᠡ ᠴᠠᠭ ᠦᠶ᠎ᠡ ᠶᠢᠨ ᠰᠢᠯᠭᠠᠯᠲᠠ ᠳᠤ ᠰᠢᠯᠢᠳᠡᠭ ᠬᠠᠷᠢᠭᠤᠯᠲᠠ ᠶᠢᠨ ᠬᠠᠭᠤᠳᠠᠰᠤ  ᠲᠤᠰᠢᠶᠠᠬᠤ ᠬᠡᠷᠡᠭᠲᠡᠢ ᠭᠡᠵᠡᠢ      ᠶᠣᠰᠣᠯᠠᠯ ᠳᠡᠭᠡᠷ᠎ᠡ  ᠰᠤᠷᠤᠭᠴᠢᠳ ᠤᠨ ᠲᠥᠯᠥᠭᠡᠯᠡᠭᠴ᠊ ᠠᠴᠠ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠤᠯᠲᠠ ᠲᠥᠷᠥᠭᠳᠡᠯ ᠢᠶᠠᠨ ᠶᠠᠷᠢᠪᠠ      ᠵᠦ ᠴᠦᠨ ᠶᠦᠩ᠂ ᠸᠠᠩ ᠶᠢᠩ ᠰᠤᠷᠤᠯᠭ᠎ᠠ ᠲᠡᠭᠦᠰᠬᠦ ᠶᠣᠰᠣᠯᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号