| | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ | ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ | ᠲᠣᠭᠲᠠᠭᠠᠯ ᠢ ᠦᠨᠳᠦᠰᠦᠯᠡᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ | ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ 2025 ᠣᠨ ᠤ 6 | ᠰᠠᠷ᠎ᠠ ᠶᠢᠨ 6 ᠤ ᠡᠳᠦᠷ ᠠᠴᠠ 7 ᠰᠠᠷ᠎ᠠ ᠶᠢᠨ 5 ᠤ ᠡᠳᠦᠷ ᠪᠣᠯᠲᠠᠯ᠎ᠠ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ | ᠥᠷᠨᠢᠭᠦᠯᠦᠨ᠎ᠡ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠰᠢᠮᠳᠠᠭᠤᠯᠤᠨ | ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠠᠷ | ᠦᠨᠳᠦᠰᠦᠨ ᠡᠭᠦᠷᠭᠡ ᠪᠠᠨ ᠪᠣᠯᠭᠠᠵᠤ᠂ ᠭᠤᠤᠯ ᠠᠵᠢᠯ ᠤᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠤᠳᠤᠷᠢᠳᠬᠤ ᠪᠠᠭ ᠪᠠ ᠵᠠᠩᠭᠢᠯᠠᠭ᠎ᠠ ᠶᠢᠨ ᠬᠦᠮᠦᠰ ᠢ ᠳᠣᠪᠤᠶᠢᠯᠭᠠᠵᠤ᠂ ᠤᠯᠤᠰ | ᠲᠥᠷᠥ ᠶᠢᠨ ᠵᠥᠷᠢᠶ᠎ᠡ ᠶᠢ ᠡᠷᠢᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠲᠠᠢ ᠨᠢᠭᠲᠠ ᠤᠶᠠᠯᠳᠤᠭᠤᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠠᠨ | ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠪᠤᠰᠤᠳ | ᠬᠢᠨᠠᠯᠲᠠ ᠲᠠᠯᠪᠢᠵᠤ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠲᠠᠯ᠎ᠠ ᠪᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ | ᠬᠤᠰᠢᠭᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ | ᠪᠠᠭ ᠵᠢᠴᠢ ᠲᠡᠭᠦᠨ ᠤ ᠪᠦᠷᠢᠯᠳᠦᠬᠦᠨ ᠪᠠ ᠴᠢᠬᠤᠯᠠ ᠠᠵᠢᠯ ᠤᠨ ᠪᠠᠶᠢᠷᠢ ᠶᠢᠨ ᠺᠠᠳ᠋ᠷ ᠤᠨ ᠤᠯᠤᠰ ᠲᠥᠷᠥ ᠶᠢᠨ | ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ | ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ | ᠲᠠᠯ᠎ᠠ ᠶᠢᠨ ᠠᠰᠠᠭᠤᠳᠠᠯ ᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠬᠤ | ᠠᠵᠢᠯ ᠢ ᠬᠠᠷᠰᠢᠯᠠᠬᠤ ᠵᠢᠴᠢ ᠬᠡᠷᠡᠭ ᠶᠠᠪᠤᠳᠠᠯ ᠢ ᠬᠤᠳᠠᠯ ᠢᠶᠠᠷ ᠵᠣᠬᠢᠶᠠᠬᠤ᠂ ᠬᠤᠳᠠᠯ ᠬᠠᠭᠤᠷᠮᠠᠭ ᠢᠶᠠᠷ ᠢᠯᠡᠴᠢᠯᠡᠨ | ᠮᠡᠳᠡᠭᠦᠯᠬᠦ᠂ ᠭᠦᠳᠬᠡᠨ ᠵᠠᠭᠠᠯᠳᠤᠬᠤ᠂ ᠵᠢᠭᠤᠷᠠᠯᠳᠤᠨ ᠰᠤᠷᠪᠤᠯᠵᠢᠯᠠᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ | ᠲᠣᠳᠣᠯᠠᠮᠠᠭᠴᠠ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠰᠢᠢᠳᠪᠦᠷᠢᠯᠡᠨ᠎ᠡ᠃ | ᠲᠤᠭᠤᠷᠢᠨ ᠪᠠᠶᠢᠴᠠᠭᠠᠬᠤ ᠠᠵᠢᠯ ᠲᠠᠢ ᠰᠢᠭᠤᠳ ᠬᠠᠷᠢᠴᠠᠭ᠎ᠠ ᠦᠭᠡᠢ ᠬᠤᠪᠢ ᠬᠥᠮᠦᠨ ᠤ ᠬᠦᠰᠡᠯ ᠱᠠᠭᠠᠷᠳᠠᠯᠭ᠎ᠠ᠂ | ᠬᠠᠤᠯᠢ ᠴᠠᠭᠠᠵᠠ ᠳᠤ ᠬᠤᠯᠪᠣᠭᠳᠠᠭᠰᠠᠨ ᠪᠠ ᠵᠠᠷᠭᠤ ᠳᠤ ᠬᠤᠯᠪᠣᠭᠳᠠᠭᠰᠠᠨ ᠵᠡᠷᠭᠡ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠳᠤ ᠲᠤᠰᠬᠠᠨ᠎ᠠ᠃ | ᠲᠤᠭᠤᠷᠢᠨ ᠪᠠᠶᠢᠴᠠᠭᠠᠬᠤ ᠴᠠᠭ᠄ 2025 ᠣᠨ ᠤ 6 ᠰᠠᠷ᠎ᠠ ᠶᠢᠨ 6 ᠤ ᠡᠳᠦᠷ ᠠᠴᠠ 7 ᠰᠠᠷ᠎ᠠ ᠶᠢᠨ 5 ᠤ | ᠡᠳᠦᠷ ᠪᠣᠯᠲᠠᠯ᠎ᠠ | ᠰᠤᠷᠪᠤᠯᠵᠢᠯᠠᠭ᠎ᠠ ᠶᠢ ᠬᠦᠯᠢᠶᠡᠨ ᠠᠪᠬᠤ ᠴᠠᠭ᠄ 2025 ᠣᠨ ᠤ 6 ᠰᠠᠷ᠎ᠠ ᠶᠢᠨ 6 ᠤ ᠡᠳᠦᠷ ᠠᠴᠠ 7 | ᠰᠠᠷ᠎ᠠ ᠶᠢᠨ 4 ᠤ ᠡᠳᠦᠷ ᠪᠣᠯᠲᠠᠯ᠎ᠠ ︵ᠠᠵᠢᠯ ᠤᠨ ᠡᠳᠦᠷ ᠤᠨ ᠦᠳᠡ ᠶᠢᠨ ᠡᠮᠦᠨ᠎ᠡ︶ | 8᠄ 30 - 12᠄ 00᠂ ᠦᠳᠡ ᠶᠢᠨ ᠬᠤᠶᠢᠨ᠎ᠠ 14᠄ 30 - 17᠄ 30 | ᠰᠤᠷᠪᠤᠯᠵᠢᠯᠠᠭ᠎ᠠ ᠶᠢ ᠬᠦᠯᠢᠶᠡᠨ ᠠᠪᠬᠤ ᠠᠷᠭ᠎ᠠ ᠬᠡᠯᠪᠡᠷᠢ᠄ ᠲᠣᠭᠤᠷᠢᠨ ᠪᠠᠶᠢᠴᠠᠭᠠᠬᠤ ᠳᠤᠭᠤᠶᠢᠯᠠᠩ ᠨᠢᠭᠤᠷᠲᠠᠨ | ᠰᠤᠷᠪᠤᠯᠵᠢᠯᠠᠭ᠎ᠠ ᠶᠢ ᠬᠦᠯᠢᠶᠡᠨ ᠠᠪᠬᠤ᠂ ᠤᠲᠠᠰᠤ ᠪᠠᠷ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠰᠦᠯᠵᠢᠶᠡᠨ | ᠳᠡᠭᠡᠷ᠎ᠡ ᠰᠤᠷᠪᠤᠯᠵᠢᠯᠠᠭ᠎ᠠ ᠶᠢ ᠬᠦᠯᠢᠶᠡᠨ ᠠᠪᠬᠤ ︵ᠸᠢᠴᠠᠲ ᠤᠨ ᠰᠢᠷᠪᠢᠯᠲᠡ ᠶᠢᠨ ᠳᠣᠤᠷ᠎ᠠ ᠲᠠᠯ᠎ᠠ ᠶᠢᠨ ᠬᠤᠶᠠᠷ | ᠬᠡᠮᠵᠢᠯᠳᠦ ᠺᠣᠳ᠋ ᠢ ᠰᠢᠷᠪᠢᠵᠦ᠂ ᠰᠠᠨᠠᠭᠤᠯᠤᠮᠵᠢ ᠶᠢ ᠦᠨᠳᠦᠰᠦᠯᠡᠨ ᠭᠠᠷ ᠤᠲᠠᠰᠤ ᠪᠠᠷ ᠠᠵᠢᠯᠯᠠᠵᠤ᠂ ᠬᠤᠯᠪᠣᠭᠳᠠᠯ | ᠪᠦᠬᠦᠢ ᠠᠭᠤᠯᠭ᠎ᠠ ᠶᠢ ᠲᠠᠭᠯᠠᠨ᠎ᠠ︶ ᠶᠢ ᠬᠡᠷᠡᠭᠵᠢᠭᠦᠯᠦᠨ᠎ᠡ᠃ | ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ | ᠠᠰᠠᠷ ᠤᠨ 7 ᠳ᠋ᠤᠭᠠᠷ ᠠᠰᠠᠷ ᠤᠨ 12 ᠳ᠋ᠤᠭᠠᠷ ᠬᠤᠷᠠᠯ ᠤᠨ ᠬᠡᠷ | ᠬᠠᠷᠢᠯᠴᠠᠬᠤ ᠤᠲᠠᠰᠤ᠄ 13088413772 | ᠬᠠᠷᠢᠯᠴᠠᠬᠤ ᠵᠠᠬᠢᠳᠠᠯ ᠤᠨ ᠬᠠᠶᠢᠷᠴᠠᠭ ᠤᠨ ᠭᠠᠵᠠᠷ᠄ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ | ᠠᠰᠠᠷ ᠤᠨ ᠵᠡᠭᠦᠨ ᠲᠠᠯ᠎ᠠ | ᠲᠣᠭᠤᠷᠢᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠶᠢᠨ ᠲᠥᠯᠥᠭᠡ᠂ ᠥᠷᠭᠡᠨ | ᠣᠯᠠᠨ ᠺᠠᠳ᠋ᠷ ᠣᠯᠠᠨ ᠲᠦᠮᠡᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠬᠢᠨᠠᠯᠲᠠ ᠲᠠᠯᠪᠢᠬᠤ ᠪᠣᠯᠪᠠᠤ᠃ | ᠬᠢᠨᠠᠯᠲᠠ ᠲᠠᠯᠪᠢᠬᠤ ᠰᠢᠤᠳᠠᠨ ᠤ ᠬᠠᠶᠢᠷᠴᠠᠭ᠄ wntqxc@163.com ︵ᠵᠥᠪᠬᠡᠨ ᠲᠤᠭᠤᠷᠢᠨ | ᠪᠠᠶᠢᠴᠠᠭᠠᠬᠤ ᠳᠤᠭᠤᠶᠢᠯᠠᠩ ᠤᠨ ᠠᠰᠠᠭᠤᠳᠠᠯ ᠢ ᠲᠤᠰᠬᠠᠭᠰᠠᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ | ᠰᠢᠢᠳᠪᠦᠷᠢᠯᠡᠨ᠎ᠡ︶᠃ | ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ | | 2025 ᠣᠨ ᠤ 6 ᠰᠠᠷ᠎ᠠ ᠶᠢᠨ 6 ᠤ ᠡᠳᠦᠷ | |