| 6 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠮᠠ ᠶᠦᠩ ᠭᠠᠩ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ | ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ ᠰᠣᠳᠣᠯᠬᠤ ᠳᠠᠭᠠᠨ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ | ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ ᠪᠠᠷ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠶ ᠰᠢᠯᠭᠠᠯᠲᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠰᠢᠯᠭᠠᠭᠤᠯᠤᠭᠴᠢ ᠳᠤ ᠡᠷᠬᠡ ᠲᠡᠭᠰᠢ᠂ ᠠᠮᠤᠷ ᠲᠦᠪᠰᠢᠨ᠂ ᠲᠠᠭᠠᠯᠠᠮᠵᠢᠲᠠᠶ ᠰᠢᠯᠭᠠᠯᠲᠠ ᠶᠢᠨ ᠣᠷᠴᠢᠨ | ᠨᠥᠬᠦᠴᠡᠯ ᠢ ᠪᠦᠷᠢᠯᠳᠥᠭᠦᠯᠵᠥ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ | ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠮᠠᠨ ᠤ | ᠬᠤᠰᠢᠭᠤ ᠪᠣᠷᠣᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠪᠣᠷᠣᠬᠤᠲᠠ ᠶᠢᠨ ᠬᠤᠶᠠᠳᠤᠭᠠᠷ ᠳᠤᠮᠳᠠᠳᠤ | ᠰᠤᠷᠭᠠᠭᠤᠯᠢ ᠳᠤ ᠲᠤᠰ ᠲᠤᠰ ᠨᠢᠭᠡ ᠰᠢᠯᠭᠠᠯᠲᠠ ᠶᠢᠨ ᠴᠡᠭ ᠭᠠᠷᠭᠠᠵᠤ᠂ ᠰᠢᠯᠭᠠᠯᠲᠠ ᠶᠢᠨ ᠲᠠᠯᠠᠪᠠᠶ 69 ᠪᠠᠶᠢᠵᠤ᠂ | ᠨᠡᠶᠢᠲᠡ 1969 ᠰᠢᠯᠭᠠᠭᠤᠯᠤᠭᠴᠢ ᠰᠢᠯᠭᠠᠯᠲᠠ ᠳᠤ ᠤᠷᠤᠯᠴᠠᠨ᠎ᠠ᠃ ᠮᠠ ᠶᠦᠩ ᠭᠠᠩ ᠤᠷᠢᠳ ᠬᠤᠵᠢᠳ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠶ ᠰᠢᠯᠭᠠᠯᠲᠠ ᠶᠢᠨ ᠴᠡᠭ ᠲᠤ ᠬᠦᠷᠴᠦ᠂ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ᠂ | ᠰᠢᠯᠭᠠᠯᠲᠠ ᠶᠢᠨ ᠲᠠᠯᠠᠪᠠᠶ ᠶᠢᠨ ᠪᠠᠶᠢᠷᠢᠯᠠᠭᠤᠯᠤᠯᠲᠠ᠂ ᠰᠢᠯᠭᠠᠯᠲᠠ ᠶᠢᠨ ᠶᠠᠪᠤᠳᠠᠯ ᠤᠨ ᠠᠵᠢᠯᠲᠠᠨ ᠤ ᠪᠣᠯᠪᠠᠰᠤᠷᠠᠯ᠂ | ᠠᠷᠤ ᠲᠠᠯ᠎ᠠ ᠶᠢᠨ ᠪᠠᠲᠤᠯᠠᠭ᠎ᠠ ᠵᠡᠷᠭᠡ ᠬᠤᠯᠪᠣᠭᠳᠠᠯ ᠪᠥᠬᠦᠶ ᠠᠵᠢᠯ ᠢ ᠨᠠᠷᠢᠨ ᠣᠶᠢᠯᠠᠭᠠᠪᠠ᠃ ᠲᠡᠷᠡ ᠵᠢᠭᠠᠵᠤ | ᠭᠠᠷᠭᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠰᠢᠯᠭᠠᠭᠤᠯᠤᠭᠴᠢ ᠳᠤ ᠰᠠᠨᠠᠭ᠎ᠠ ᠠᠮᠤᠷ ᠲᠠᠭᠠᠯᠠᠮᠵᠢᠲᠠᠶ ᠰᠢᠯᠭᠠᠯᠲᠠ ᠶᠢᠨ ᠣᠷᠴᠢᠨ | ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ ᠰᠢᠯᠭᠠᠭᠤᠯᠤᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ | ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠬᠤ ᠠᠵᠢᠯ ᠢ ᠴᠢᠩᠭ᠎ᠠ ᠨᠢᠮᠪᠠᠶ ᠥᠨᠳᠥᠷ ᠪᠦᠲᠦᠮᠵᠢᠲᠡᠶ ᠰᠠᠶᠢᠲᠤᠷ | ᠬᠢᠵᠦ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠨ᠂ ᠰᠢᠯᠭᠠᠯᠲᠠ ᠶᠢᠨ ᠡᠮᠬᠢ | ᠳᠢᠭᠯᠢᠮ ᠢ ᠡᠷᠡᠰ ᠬᠠᠮᠠᠭᠠᠯᠠᠵᠤ᠂ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ︾ | ᠶᠢᠨ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ ᠭᠡᠵᠡᠢ᠃ | ᠮᠠ ᠶᠦᠩ ᠭᠠᠩ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ | ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ | ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠭᠤᠭᠴᠤᠭ᠎ᠠ ᠶᠢᠨ ᠵᠣᠯᠭᠠᠯᠴᠠᠭ᠎ᠠ ᠤᠷᠤᠭᠰᠢᠲᠠᠶ᠂ ᠥᠨᠳᠥᠷ | ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠰᠢᠯᠭᠠᠭᠤᠯᠤᠭᠰᠠᠳ ᠢ ᠰᠠᠨᠠᠭ᠎ᠠ ᠠᠮᠤᠷ᠂ ᠬᠡᠷ ᠤᠨ ᠠᠬᠠᠮᠠᠳ ᠢ | ᠰᠠᠨᠠᠭ᠎ᠠ ᠠᠮᠤᠷ ᠪᠠᠶᠢᠯᠭᠠᠬᠤ ᠬᠡᠷᠡᠭᠲᠡᠶ ᠭᠡᠵᠡᠢ᠃ | ᠬᠤᠰᠢᠭᠤᠨ ᠳᠡᠳ᠋ ᠳᠠᠷᠤᠭ᠎ᠠ ᠯᠢ ᠬᠤᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |