ᠠᠷᠪᠠᠨ  ᠲᠠᠪᠤᠳᠤᠭᠠᠷ  ᠬᠤᠭᠤᠴᠠᠭᠠᠨ  ᠤ  ᠬᠤᠰᠢᠭᠤᠨ  ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/9
      6 ᠰᠠᠷ᠎ᠠ ᠶᠢᠨ 6 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ  ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ  ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ  ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠾᠧᠦ ᠭᠦᠸᠧ ᠵᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ  ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠶᠢᠩ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠲᠤᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠢᠯᠠᠩᠭᠤᠶ᠎ᠠ ︽ᠨᠢᠭᠡᠳᠦᠭᠡᠷ ᠭᠠᠷ︾ ᠲᠤ ᠬᠢᠨᠠᠯᠲᠠ ᠲᠠᠯᠪᠢᠬᠤ ᠶᠢ ᠲᠤᠪᠤᠶᠢᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠭᠰᠡᠨ ᠡᠰᠡᠬᠦ᠂ ᠠᠷᠠᠳᠴᠢᠯᠠᠯ ᠲᠥᠪᠯᠡᠷᠡᠯ  ᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠷᠬᠡ ᠪᠠᠨ ᠠᠰᠢᠭᠯᠠᠨ ᠠᠮᠢ ᠪᠠᠨ  ᠪᠤᠷᠳᠤᠭᠰᠠᠨ᠂ ᠱᠠᠮᠰᠢᠵᠤ ᠢᠯᠵᠠᠷᠠᠨ ᠳᠣᠷᠦ᠋ᠢᠲᠠᠭᠰᠠᠨ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠷ ᠠᠩᠬᠠᠷᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠣᠷᠣᠰᠢᠵᠤ ᠪᠠᠶᠢᠬᠤ ᠡᠰᠡᠬᠦ᠂ ᠢᠳᠡᠬᠦ ᠠᠪᠬᠤ ᠭᠠᠴᠢᠬᠤ  ᠰᠢᠬᠠᠬᠤ᠂  ᠲᠦᠷᠥᠯ ᠰᠠᠳᠤᠨ ᠨᠠᠶᠢᠵᠠ ᠨᠦᠬᠦᠳ ᠢᠶᠠᠨ ᠤᠷᠢᠳᠠᠪᠡᠷ ᠬᠠᠷᠠᠭᠠᠯᠵᠠᠭᠰᠠᠨ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ ᠵᠡᠷᠭᠡ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠠᠩᠬᠠᠷᠴᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠰᠢᠢᠳᠪᠦᠷᠢᠯᠡᠬᠦ ᠶᠢ ᠠᠬᠢᠭᠤᠯᠤᠨ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ᠂ ᠲᠣᠭᠲᠠᠭᠠᠯ ᠠᠴᠠ ᠵᠥᠷᠢᠴᠡᠨ ᠠᠷᠢᠬᠢ ᠤᠤᠭᠤᠭᠰᠠᠨ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠵᠡᠷᠭᠡ ᠠᠰᠠᠭᠤᠳᠠᠯ ᠤᠨ ᠲᠣᠭᠤᠷᠢᠨ ᠳᠤ ᠦᠨᠡᠨ ᠪᠣᠳᠠᠲᠠᠶ ᠠᠵᠢᠯᠯᠠᠵᠤ᠂  ᠴᠢᠩᠭ᠎ᠠ ᠴᠣᠬᠢᠯᠲᠠ  ᠦᠭᠭᠦᠨ᠂ ᠬᠤᠯᠪᠣᠭᠳᠠᠯ ᠪᠥᠬᠦᠶ ᠠᠰᠠᠭᠤᠳᠠᠯ ᠤᠨ ᠰᠦᠪᠡᠭᠴᠢ ᠶᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠪᠠᠶᠢᠴᠠᠭᠠᠵᠤ ᠲᠦᠷᠭᠡᠨ ᠰᠢᠢᠳᠪᠦᠷᠢᠯᠡᠬᠦ ᠬᠡᠷᠡᠭᠲᠡᠶ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠰᠢᠢᠳᠪᠥᠷᠢᠯᠡᠬᠦ ᠳᠤ ᠬᠦᠴᠢᠷᠳᠡᠢ ᠠᠰᠠᠭᠤᠳᠠᠯ ᠢ ᠤᠨᠴᠠᠭᠠᠢ ᠠᠩᠬᠠᠷᠤᠨ ᠬᠦᠴᠥᠯᠡᠨ ᠰᠢᠢᠳᠪᠥᠷᠢᠯᠡᠵᠥ ᠂ ᠤᠷᠤᠰᠢᠵᠤ ᠪᠠᠶᠢᠭ᠎ᠠ ᠠᠰᠠᠭᠤᠳᠠᠯ ᠢ  ᠲᠤᠭᠤᠰᠢᠳᠠᠢ ᠴᠡᠭᠴᠡᠯᠡᠨ  ᠰᠠᠶᠢᠵᠢᠷᠠᠭᠤᠯᠬᠤ ᠶᠢᠨ ᠬᠠᠮᠲᠤ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠢ  ᠰᠢᠢᠳᠪᠥᠷᠢᠯᠡᠨ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠢᠶᠠᠨ ᠤᠯᠠᠨ ᠲᠦᠮᠡᠨ ᠤ ᠢᠲᠡᠭᠡᠯ ᠢ ᠤᠯᠬᠤ ᠬᠡᠷᠡᠭᠲᠡᠢ ᠭᠡᠵᠡᠢ᠃      ᠬᠤᠷᠠᠯ ᠠᠴᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ  ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠠᠵᠢᠯ ᠤᠨ ᠬᠤᠪᠢᠶᠠᠷᠢᠯᠠᠯ ᠤᠨ ᠲᠣᠭᠲᠠᠭᠠᠯ  ᠢ ᠨᠡᠶᠢᠲᠡᠯᠡᠪᠡ᠃ ᠰᠢ ᠶᠢᠨ ᠫᠢᠩ ᠤᠨ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号