ᠮᠥᠩᠬᠡ ᠰᠢᠨ᠎ᠡ ᠡᠨᠧᠷᠭᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2025/6/9
      6 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠮᠥᠩᠬᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ  ᠪᠦᠯᠬᠦᠮ ᠳᠠᠭᠠᠭᠤᠯᠤᠨ ᠰᠢᠨ᠎ᠡ ᠡᠨᠧᠷᠭᠢ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠪᠠᠶᠢᠴᠠᠭᠠᠨ  ᠰᠣᠳᠣᠯᠪᠠ᠃       ᠮᠥᠩᠬᠡ ᠨᠠᠷ ᠤᠷᠢᠳ ᠬᠤᠵᠢᠳ ᠳ᠋ᠠ ᠲᠠᠩ ᠤᠨ 80 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ᠂ ᠵᠦᠩ ᠭᠤᠸᠠᠩ ᠾᠧ ᠶᠢᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠪᠣᠯᠤᠨ ᠣᠩᠨᠢᠭᠤᠳ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠰᠢᠨ᠎ᠡ ᠡᠨᠧᠷᠭᠢ ᠶᠢᠨ ᠰᠠᠭᠤᠷᠢᠨ ᠭᠠᠵᠠᠷ ᠲᠤ  ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠪᠣᠯᠤᠨ ᠲᠤᠤᠷᠵᠢᠯ ᠳᠤ  ᠨᠡᠶᠢᠯᠡᠭᠦᠯᠦᠨ ᠴᠠᠬᠢᠯᠭᠠᠨ ᠭᠠᠷᠭᠠᠭᠰᠠᠨ ᠪᠠᠶᠢᠳᠠᠯ ᠢ ᠰᠣᠨᠣᠰᠤᠭᠰᠠᠨ ᠪᠥᠭᠡᠳ ᠬᠡᠰᠡᠭ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠨ ᠰᠣᠯᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠳᠤ ᠦᠷ᠎ᠡ ᠪᠦᠲᠦᠮᠵᠢ ᠤᠯᠬᠤ ᠶᠢ ᠠᠬᠢᠭᠤᠯᠪᠠ᠃     ᠮᠥᠩᠬᠡ ᠶᠠᠷᠢᠶᠠᠨ ᠳᠠᠭᠠᠨ ᠣᠶᠢᠷ᠎ᠠ ᠶᠢᠨ ᠵᠢᠯ ᠳᠤ᠂ ᠣᠩᠨᠢᠭᠤᠳ ᠬᠤᠰᠢᠭᠤ ᠰᠢᠨ᠎ᠡ ᠡᠨᠧᠷᠭᠢ ᠶᠢᠨ ︽ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠲᠦᠷᠭᠡᠨ ᠬᠡᠷᠡᠭᠵᠢᠭᠦᠯᠵᠦ᠂ ︽ ᠰᠠᠯᠬᠢ ᠭᠡᠷᠡᠯ︾  ᠤᠨ ᠡᠬᠢ ᠪᠠᠶᠠᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ  ᠨᠡᠮᠡᠷᠢᠯᠡᠭᠰᠡᠨ ᠪᠠᠶᠢᠨ᠎ᠠ᠃  ᠡᠯᠡᠰᠦ ᠮᠠᠩᠬ᠎ᠠ᠂ ᠡᠯᠡᠰᠦᠷᠬᠡᠭ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠭᠰᠠᠨ ᠲᠤᠮᠤ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠪᠠᠭ᠎ᠠ᠂ ᠥᠨᠳᠥᠷ ᠪᠦᠲᠦᠮᠵᠢᠲᠡᠢ ᠡᠨᠧᠷᠭᠢ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠪᠠ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠲᠦᠷᠦᠯ ᠵᠦᠢᠯ ᠢᠶᠠᠷ ᠲᠤᠯᠭᠠᠭᠤᠷᠢᠯᠠᠬᠤ᠂ ᠲᠦᠷᠦ ᠶᠢᠨ ᠪᠤᠳᠤᠯᠭ᠎ᠠ ᠪᠠᠷ ᠴᠢᠳᠠᠪᠤᠷᠢ ᠣᠯᠭᠤᠬᠤ ᠶᠢ ᠪᠠᠷᠢᠮᠲᠠᠯᠠᠵᠤ᠂ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠬᠦ ᠪᠠ ᠥᠨᠳᠥᠷ ᠲᠦᠪᠰᠢᠨ ᠢᠶᠠᠷ ᠪᠠᠭᠲᠠᠭᠠᠨ ᠰᠢᠩᠭᠡᠭᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠳᠦᠭᠡᠨ ᠪᠠᠶᠢᠭᠤᠯᠬᠤ᠂ ᠴᠠᠬᠢᠯᠭᠠᠨ ᠭᠠᠷᠭᠠᠬᠤ᠂ ᠳᠠᠮᠵᠢᠭᠤᠯᠬᠤ᠂  ᠬᠠᠳᠠᠭᠠᠯᠠᠬᠤ᠂  ᠬᠡᠷᠡᠭᠯᠡᠬᠦ᠂ ᠦᠢᠯᠡᠳᠬᠦ ᠶᠢ ᠨᠢᠭᠡ ᠴᠤᠬᠴᠠᠵᠢᠭᠤᠯᠤᠬᠰᠠᠨ ᠪᠦᠬᠦ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠨ  ᠪᠦᠷᠢᠯᠳᠥᠭᠦᠯᠥᠭᠰᠡᠨ ᠪᠠᠶᠢᠨ᠎ᠠ ᠭᠡᠵᠡᠢ᠃     ᠮᠥᠩᠬᠡ ᠴᠢᠬᠤᠯᠠᠴᠢᠯᠠᠭᠰᠠᠨ ᠨᠢ᠂ ︽ ᠦᠪᠴᠢ ᠨᠤᠭᠤᠭᠠᠨ ᠤᠷᠭᠤᠮᠠᠯ ᠤᠨ  ᠪᠦᠷᠬᠦᠪᠴᠢ᠂  ᠪᠣᠬᠢᠷᠲᠤᠯ ᠦᠭᠡᠢ ᠡᠨᠧᠷᠭᠢ  ᠂ ᠪᠣᠬᠢᠷᠲᠤᠯ ᠦᠭᠡᠢ ᠬᠦᠭᠵᠢᠯᠳᠡ ᠶᠢ ᠱᠠᠭᠠᠷᠳᠠᠬᠤ︾  ᠰᠡᠬᠢᠮᠵᠢ  ᠶᠣᠰᠣᠭᠠᠷ᠂ ᠡᠯᠡᠰᠦᠷᠬᠡᠭᠵᠢᠯ ᠢ ᠰᠡᠷᠭᠡᠶᠢᠯᠡᠨ  ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ  ᠢ ᠨᠢᠭᠡ ᠴᠤᠬᠴᠠᠵᠢᠭᠤᠯᠤᠬᠰᠠᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ︽ᠭᠡᠷᠡᠯ ᠴᠡᠨᠡᠭ ᠂ ᠠᠮᠢ ᠠᠬᠤᠢ ᠶᠢᠨ ᠵᠠᠰᠠᠯᠲᠠ   ᠢ ᠬᠤᠯᠪᠤᠯᠳᠤᠭᠤᠯᠤᠭᠰᠠᠨ︾  ᠵᠠᠭᠪᠤᠷ ᠢ ᠶᠡᠬᠡᠪᠡᠷ ᠳᠡᠯᠭᠡᠷᠡᠭᠦᠯᠵᠦ᠂ ᠰᠢᠨ᠎ᠡ ᠡᠨᠧᠷᠭᠢ ᠪᠣᠯᠤᠨ ᠡᠯᠡᠰᠦ ᠶᠢ  ᠰᠡᠷᠭᠡᠶᠢᠯᠡᠨ ᠵᠠᠰᠠᠬᠤ᠂ ᠲᠡᠵᠢᠭᠡᠯ ᠡᠪᠡᠰᠦ ᠲᠠᠷᠢᠬᠤ᠂ ᠤᠨᠴᠠᠯᠢᠬᠳᠤ ᠲᠡᠵᠢᠭᠡᠨ ᠦᠷᠡᠵᠢᠭᠦᠯᠬᠦ᠂ ᠠᠮᠢ ᠠᠬᠤᠢ ᠶᠢᠨ ᠵᠤᠭᠠᠴᠠᠯ ᠵᠡᠷᠭᠡ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ  ᠭᠡᠪᠡ᠃     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠠ ᠶᠦᠩ ᠭᠠᠩ ᠪᠠᠶᠢᠴᠠᠭᠠᠨ ᠰᠤᠳᠤᠯᠤᠯᠲᠠ ᠬᠢᠬᠦ ᠳᠡᠭᠡᠨ  ᠢᠯᠡᠷᠬᠡᠶᠢᠯᠡᠭᠰᠡᠨ ᠨᠢ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂  ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ  ᠪᠡᠶᠡᠯᠡᠭᠦᠯᠥᠨ᠂   ᠲᠠᠭᠠᠨ ᠦᠢᠯᠡᠴᠢᠯᠡᠵᠥ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠣᠩᠨᠢᠭᠤᠳ ᠬᠤᠰᠢᠭᠤᠨ ᠳᠤ ᠬᠥᠭᠵᠢᠬᠦ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ  ᠠᠷᠠᠯᠵᠢᠶ᠎ᠠ  ᠡᠵᠡᠩᠨᠡᠬᠦ ᠣᠷᠴᠢᠨ ᠨᠥᠬᠦᠴᠡᠯ ᠪᠠ ᠦᠨᠡᠨᠴᠢ ᠢᠲᠡᠭᠡᠮᠵᠢ ᠶᠢᠨ ᠣᠷᠴᠢᠨ ᠨᠥᠬᠦᠴᠡᠯ ᠢ  ᠪᠤᠢ ᠪᠤᠯᠭᠠᠨ ᠦᠭᠴᠥ᠂ ᠲᠥᠷᠥᠯ ᠵᠦᠢᠯ ᠢ ᠡᠷᠲᠡᠬᠡᠨ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠨ᠎ᠠ  ᠭᠡᠪᠡ᠃     ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ  ᠳᠡᠳ᠋ ᠳᠠᠷᠤᠭ᠎ᠠ ᠸᠠᠩ ᠵᠢᠶᠦ᠋ᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠦ ᠴᠦᠨ ᠶᠦᠩ  ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号