| | 6 ᠰᠠᠷ᠎ᠠ ᠶᠢᠨ 5 ᠤ ᠡᠳᠦᠷ᠂ ᠰᠢᠨ᠎ᠡ ᠦᠵᠡᠯ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ | ᠣᠩᠨᠢᠭᠤᠳ ᠬᠤᠰᠢᠭᠤᠨ ᠳᠤ ᠢᠷᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠨᠳᠦᠰᠦᠨ ᠱᠠᠲᠤᠨ ᠳᠤ | ᠭᠦᠨᠵᠡᠭᠡᠶᠢᠷᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ | ᠦᠷᠨᠢᠭᠦᠯᠦᠭᠰᠡᠨ ᠪᠠᠶᠢᠨ᠎ᠠ᠃ | ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠤᠷᠢᠳ ᠬᠤᠵᠢᠳ ᠣᠩᠨᠢᠭᠤᠳ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠪᠣᠯᠤᠨ ᠽᠢ ᠴᠧᠩ ᠵᠡᠭᠡᠯᠢ ᠭᠤᠳᠤᠮᠵᠢ ᠶᠢᠨ ᠹᠦ᠋ ᠰᠢᠩ ᠨᠡᠶᠢᠭᠡᠮ ᠲᠣᠭᠤᠷᠢᠭ ᠲᠤ ᠬᠦᠷᠴᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠤᠮᠠᠷᠠᠲᠤ | ᠬᠢᠯᠢ ᠶᠢᠨ ᠰᠣᠶᠣᠯ ᠢ ᠪᠠᠳᠠᠷᠠᠭᠤᠯᠬᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠭᠤᠤᠯ ᠰᠡᠳᠦᠪ ᠤᠨ | ᠲᠣᠭᠤᠷᠢᠨ ᠳᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠭᠰᠠᠨ ᠤ | ᠬᠠᠮᠲᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠬᠦᠴᠦᠲᠡᠢ ᠲᠤᠰᠬᠠᠯ ᠢ ᠤᠯᠵᠤ᠂ ᠨᠠᠮ ᠤᠨ ᠰᠢᠨ᠎ᠡ ᠶᠢ | ᠡᠭᠦᠳᠬᠦ ᠤᠨᠤᠯ ᠢ ᠬᠦᠮᠦᠰ ᠤᠨ ᠰᠡᠳᠭᠢᠯ ᠳᠤ ᠭᠦᠨ ᠬᠠᠳᠠᠩᠰᠢᠭᠤᠯᠤᠭᠰᠠᠨ ᠪᠠᠶᠢᠨ᠎ᠠ᠃ | ᠣᠩᠨᠢᠭᠤᠳ ᠬᠤᠰᠢᠭᠤ ᠨᠢ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠠᠷ ᠠᠵᠠ ᠲᠣᠬᠢᠶᠠᠯ | ᠪᠤᠯᠭᠠᠨ᠂ ᠨᠠᠮ ᠤᠨ ᠰᠢᠨ᠎ᠡ ᠶᠢ ᠡᠭᠦᠳᠬᠦ ᠣᠨᠣᠯ ᠤᠨ ᠰᠤᠷᠤᠯᠴᠠᠯᠭ᠎ᠠ ᠤᠬᠠᠭᠤᠯᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠣᠶᠤᠨ | ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃ |